ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠰᠦᠩᠱ᠌ᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠪᠥᠬᠦ ᠬᠤᠲᠠ ᠵᠢᠨ ᠠᠩᠬᠠᠳᠠᠭᠴᠢ ᠬᠤᠭᠤᠴᠠᠭ᠋ᠠᠨ᠎ᠤ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠰᠤᠷᠭ᠋ᠠᠭᠴᠢ ᠵᠢᠨ ᠶᠡᠭᠡ ᠮᠥᠷᠦ᠋ᠢ᠍ᠴᠡᠭᠡᠨ᠎ᠤ ᠪᠦᠯᠬᠦᠮ᠎ᠤᠨ ᠭᠤᠷᠪᠠᠳᠤᠭ᠋ᠠᠷ᠎ᠲᠤ ᠣᠷᠣᠪᠠ
ᠨᠡᠶ᠋ᠢᠲᠡᠯᠡᠭᠰᠡᠨ ᠴᠠᠭ᠄ 2024-05-22

    4 ᠳ᠋ᠦ᠍ᠭᠡᠷ ᠰᠠᠷ᠎ᠠ ᠵᠢᠨ 22᠎ᠤᠨ ᠡᠳᠦᠷ᠂ ᠤᠯᠠᠭ᠋ᠠᠨᠬᠠᠳᠠ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠴᠠᠭᠳᠠᠭ᠋ᠠᠨ᠎ᠤ ᠶᠠᠪᠤᠳᠠᠯ᠎ᠤᠨ ᠰᠤᠷᠭ᠋ᠠᠭᠴᠢ ᠵᠢᠨ ᠶᠡᠭᠡ ᠮᠦᠷᠦ᠋ᠢ᠍ᠴᠡᠭᠡᠨ᠎ᠨᠢ ᠲᠡᠭᠦᠰ ᠠᠮᠵᠢᠯᠲᠠ᠎ᠲᠠᠢ ᠥᠨᠳᠥᠷᠯᠡᠪᠡ᠃

微信图片_20240425084021.jpg   


     ᠰᠤᠷᠭ᠋ᠠᠭᠴᠢ ᠨᠠᠷ ᠰᠢᠷᠭ᠋ᠠᠭᠤ ᠬᠠᠲᠠᠭᠤᠵᠢᠯᠲᠠᠶ᠎ᠪᠠᠷ ᠲᠡᠮᠡᠴᠡᠵᠦ᠂ ᠳᠠᠶ᠋ᠢᠨ᠎ᠳᠤ ᠪᠡᠯᠡᠳᠬᠡᠬᠦ ᠬᠤᠭᠤᠴᠠᠭ᠋ᠠᠨ᠎ᠳᠤ᠂ 《ᠤᠯᠤᠰ ᠲᠥᠷᠥ ᠵᠢ ᠡᠷᠬᠢᠮᠯᠡᠬᠦ᠂ ᠵᠣᠪᠠᠭᠤᠷᠢ ᠵᠦᠳᠡᠭᠦᠷᠢ ᠵᠢ ᠠᠮᠰᠠᠵᠤ ᠴᠢᠳᠠᠬᠤ᠂ ᠪᠠᠶ᠋ᠢᠯᠳᠤᠵᠤ ᠴᠢᠳᠠᠬᠤ᠂ ᠬᠤᠪᠢ ᠨᠡᠮᠡᠷᠢ ᠦᠵᠡᠭᠦᠯᠵᠦ ᠳᠡᠶ᠋ᠢᠯᠬᠦ》 ᠳᠣᠲᠣᠭ᠋ᠠᠳᠤ ᠵᠢ ᠬᠠᠮᠠᠭ᠋ᠠᠯᠠᠬᠤ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠮᠥᠷᠦ᠋ᠢ᠍ᠴᠡᠭᠡᠨ᠎ᠳᠤ ᠣᠷᠤᠯᠴᠠᠬᠤ ᠪᠣᠯᠪᠠᠰᠤᠷᠠᠯ ᠵᠶ᠋ᠠᠨ ᠴᠢᠩᠭ᠋ᠠᠳᠬᠠᠪᠠ᠃微信图片_20240425084047.jpg  


    ᠢᠷᠠᠭᠤ ᠠᠯᠳᠠᠷ᠎ᠤᠨ ᠲᠥᠯᠥᠭᠡ᠂ ᠬᠠᠷᠠᠯᠲᠠ ᠵᠢᠨ ᠲᠥᠯᠥᠭᠡ᠂ ᠬᠦᠰᠡᠯ ᠡᠷᠡᠮᠡᠯᠵᠡᠯ᠎ᠤᠨ ᠲᠥᠯᠥᠭᠡ ᠳᠡᠮᠡᠴᠡᠨ᠎ᠡ᠃ ᠵᠡᠪᠰᠡᠭ᠎ᠤᠨ ᠡᠷᠳᠡᠮ᠎ᠤᠨ ᠮᠥᠷᠦ᠋ᠢ᠍ᠴᠡᠭᠡᠨ᠎ᠤ ᠲᠠᠯᠠᠪᠠᠢ᠎ᠳᠤ᠂ ᠰᠤᠷᠭ᠋ᠠᠭᠴᠢᠳ ᠲᠤᠰᠬᠠᠢ ᠮᠡᠷᠭᠡᠵᠢᠯ᠂ ᠬᠤᠷᠳᠤᠴᠠ᠂ ᠲᠡᠰᠪᠦᠷᠢ᠂ ᠪᠣᠯᠪᠠᠰᠤᠷᠠᠩᠭᠤᠶ ᠮᠡᠷᠭᠡᠵᠢᠯ᠎ᠤᠨ ᠲᠦᠪᠰᠢᠨ ᠪᠣᠯᠤᠨ ᠬᠠᠲᠠᠭᠤ ᠰᠢᠷᠦᠭᠦᠨ᠎ᠢ ᠠᠳᠠᠯᠢᠳᠬᠠᠵᠤ᠂ ᠵᠣᠷᠢᠭᠲᠠᠢ ᠪᠠᠶ᠋ᠢᠯᠳᠤᠵᠤ᠂ ᠵᠣᠷᠢᠭᠲᠠᠢ᠎ᠪᠠᠷ ᠲᠦᠷᠦᠭᠦᠯᠡᠵᠦ᠂ ᠲᠡᠳᠡᠨ᠎ᠤ ᠮᠡᠷᠭᠡᠵᠢᠯ᠎ᠨᠢ ᠴᠠᠭ᠋ᠠᠷᠠᠵᠤ᠂ ᠰᠡᠳᠬᠢᠯ ᠰᠠᠨᠠᠭ᠎ᠠ᠎ᠪᠠᠨ ᠣᠯᠣᠯᠴᠠᠵᠤ᠂ ᠬᠡᠳᠦ ᠬᠦᠴᠦᠷᠬᠡᠭ ᠪᠡᠶ᠎ᠡ ᠵᠢᠨ ᠬᠦᠴᠦᠨ᠂ ᠲᠡᠰᠪᠦᠷᠢ ᠳᠠᠭ᠋ᠠᠭ᠋ᠠᠴᠠ ᠪᠠ ᠰᠥᠰᠥ ᠵᠣᠷᠢᠭ ᠵᠶ᠋ᠠᠷ ᠡᠴᠦᠰ᠎ᠲᠤ᠎ᠪᠠᠨ ᠮᠦᠷᠦᠢ᠌ᠴᠡᠭᠡᠨ᠎ᠤ ᠠᠮᠵᠢᠯᠲᠠ ᠵᠢ ᠤᠯᠪᠠ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ