ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠦᠬᠠᠢ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠯᠢᠦ ᠪᠦᠸᠧ ᠨᠦᠬᠦᠷ ᠪᠦᠬᠦ ᠤᠯᠤᠰ᠎ᠤᠨ ᠲᠡᠷᠢᠬᠦᠨ᠎ᠤ ᠠᠵᠢᠯᠳᠠᠨ᠎ᠤ ᠴᠤᠯᠠ ᠵᠢ ᠬᠦᠷᠳᠡᠪᠡ
ᠨᠡᠶ᠋ᠢᠲᠡᠯᠡᠭᠰᠡᠨ ᠴᠠᠭ᠄ 2025-06-17

     ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠴᠢ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠳᠠᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ 4 ᠰᠠᠷ᠎ᠠ ᠵᠢᠨ 28᠎ᠤ ᠦᠳᠡ ᠵᠢᠨ ᠡᠮᠦᠨ᠎ᠡ ᠪᠡᠭᠡᠵᠢᠩ᠎ᠳᠤ ᠬᠤᠷᠠᠯᠳᠤᠪᠠ᠃ ᠡᠨᠡ ᠵᠢᠯ᠂ ᠥᠪᠥᠷ ᠮᠣᠩᠭᠤᠯ᠎ᠤᠨ 60 ᠬᠥᠮᠦᠨ ᠪᠥᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠨ᠎ᠤ ᠴᠣᠯᠠ ᠵᠢ ᠭᠥᠷᠳᠡᠵᠦ᠂ ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠯᠢᠦ ᠪᠥᠸᠧ ᠨᠥᠬᠦᠷ ᠪᠥᠬᠦ ᠤᠯᠤᠰ᠎ᠤᠨ ᠲᠡᠷᠢᠭᠦᠨ᠎ᠤ ᠠᠵᠢᠯᠲᠠᠨ᠎ᠤ ᠴᠣᠯᠠ ᠵᠢ ᠭᠥᠷᠳᠡᠪᠡ᠃

微信图片_20250611181240.jpg


      ᠯᠢᠦ ᠪᠥᠸᠧ᠂ ᠡᠷᠡᠭᠲᠡᠢ᠂ 1984 ᠣᠨ᠎ᠤ 7 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠮᠡᠷᠭᠡᠵᠢᠯ᠎ᠤᠨ ᠲᠤᠷᠰᠢᠨ ᠪᠠᠶ᠋ᠢᠴᠠᠭ᠋ᠠᠯᠲᠠ ᠵᠢᠨ ᠰᠠᠯᠪᠤᠷᠢ ᠠᠩᠬᠢ (ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠰᠠᠯᠪᠤᠷᠢ ᠠᠩᠬᠢ) ᠵᠢᠨ ᠳᠠᠷᠤᠭ᠎ᠠ᠂ ᠨᠢᠭᠡᠳᠦᠭᠡᠷ ᠳᠡᠰ᠎ᠤᠨ ᠴᠠᠭᠳᠠᠭ᠋ᠠᠨ ᠳᠠᠷᠤᠭ᠎ᠠ ᠵᠢᠨ ᠲᠤᠰᠢᠶᠠᠯ᠎ᠲᠠᠢ᠃ ᠡᠨᠡ ᠵᠢᠯ ᠪᠣᠯ ᠯᠢᠦ ᠪᠥᠸᠧ ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠲᠣᠮᠣ ᠳ᠋ᠠᠶ᠋ᠢᠲ᠋ᠠ ᠵᠢᠨ ᠲᠤᠷᠰᠢᠨ ᠪᠠᠶ᠋ᠢᠴᠠᠭ᠋ᠠᠬᠤ ᠠᠵᠢᠯ ᠬᠢᠵᠦ ᠪᠠᠶ᠋ᠢᠭ᠎ᠠ ᠠᠷᠪᠠᠳᠤᠭ᠋ᠠᠷ ᠵᠢᠯ ᠪᠣᠯᠤᠨ᠎ᠠ᠃ ᠠᠷᠪᠠᠨ ᠵᠢᠯ᠎ᠤᠨ ᠬᠤᠭᠤᠴᠠᠭ᠋ᠠᠨ᠎ᠳᠤ᠂ ᠲᠡᠷᠡ ᠶᠠᠭ ᠨᠢᠭᠡᠨ ᠨᠠᠷᠢᠯᠢᠭ ᠪᠠᠭ᠋ᠠᠵᠢ ᠬᠡᠷᠡᠭᠰᠡᠯ᠎ᠲᠠᠢ ᠠᠳᠠᠯᠢ᠎ᠪᠠᠷ 《ᠲᠦᠢ᠍ᠯ᠎ᠤᠨ ᠨᠠᠷᠢᠯᠢᠭ》 ᠠᠵᠢᠯ᠎ᠤᠨ ᠣᠪᠣᠷ᠎ᠢ ᠮᠥᠷ ᠪᠦᠷᠢ ᠵᠢᠨ ᠺᠣᠳ᠋᠂ ᠪᠦᠯᠦᠭ ᠪᠦᠷᠢ ᠵᠢᠨ ᠲᠤᠭ᠎ᠠ ᠪᠠᠷᠢᠮᠲᠠ᠎ᠳᠤ ᠰᠡᠶ᠋ᠢᠯᠪᠡ; ᠲᠡᠷᠡ ᠪᠦᠬᠦ ᠤᠶᠤᠨ ᠴᠢᠳᠠᠯ ᠪᠠ ᠤᠶᠤᠨ ᠤᠬᠠᠭ᠋ᠠᠨ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠵᠣᠷᠢᠭᠤᠯᠵᠤ᠂ ᠨᠢᠭᠡᠳᠦᠭᠡᠷ ᠹᠷᠣᠨᠲ᠎ᠤᠨ ᠲᠤᠷᠰᠢᠨ ᠪᠠᠶ᠋ᠢᠴᠠᠭ᠋ᠠᠬᠤ ᠠᠵᠢᠯ᠎ᠳᠤ ᠣᠨᠣᠪᠴᠢᠲᠠᠢ ᠥᠨᠳᠥᠷ ᠪᠦᠲᠦᠮᠵᠢᠲᠡᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠪᠠ᠃ ᠠᠵᠢᠯ᠎ᠤᠨ ᠠᠮᠵᠢᠯᠲᠠ ᠲᠤᠪᠤᠶ᠋ᠢᠮ᠎ᠠ ᠤᠴᠢᠷ᠎ᠠᠴᠠ ᠲᠡᠷᠡ ᠤᠷᠢᠳ ᠬᠤᠵᠢᠳ ᠬᠤᠪᠢ ᠬᠥᠮᠦᠨ᠎ᠤ ᠨᠢᠭᠡᠳᠦᠭᠡᠷ ᠳᠡᠰ᠎ᠤᠨ ᠭᠠᠪᠢᠶ᠎ᠠ 1 ᠤᠳᠠᠭ᠎ᠠ᠂ ᠬᠤᠪᠢ ᠬᠥᠮᠦᠨ᠎ᠤ ᠬᠤᠶᠠᠳᠤᠭ᠋ᠠᠷ ᠳᠡᠰ᠎ᠤᠨ ᠭᠠᠪᠢᠶ᠎ᠠ 1 ᠤᠳᠠᠭ᠎ᠠ᠂ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ 6 ᠤᠳᠠᠭ᠎ᠠ ᠲᠡᠮᠳᠡᠭᠯᠡᠭᠦᠯᠵᠦ᠂ ᠤᠷᠢᠳ ᠬᠣᠵᠢᠳ ᠪᠦᠬᠦ ᠤᠯᠤᠰ᠎ᠤᠨ ᠰᠢᠯᠢᠳᠡᠭ ᠠᠷᠠᠳ᠎ᠤᠨ ᠴᠠᠭᠳᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠲᠡᠷᠢᠭᠦᠨ᠎ᠤ ᠠᠵᠢᠯᠲᠠᠨ ᠵᠶ᠋ᠠᠷ ᠦᠨᠡᠯᠡᠭᠳᠡᠪᠡ᠃


1745900917930805.jpg


      ᠨᠢᠭᠡ᠂ ᠲᠤᠷᠰᠢᠨ ᠪᠠᠶ᠋ᠢᠴᠠᠭ᠋ᠠᠬᠤ ᠠᠵᠢᠯ᠎ᠢ 100 ᠬᠤᠪᠢ ᠬᠢᠪᠡᠯ ᠰᠠᠶᠢ ᠬᠢᠷᠢ ᠲᠡᠩᠴᠡᠭᠰᠡᠨ᠎ᠲᠠᠢ ᠠᠳᠠᠯᠢ
      《ᠲᠤᠷᠰᠢᠨ ᠪᠠᠶ᠋ᠢᠴᠠᠭ᠋ᠠᠬᠤ ᠠᠵᠢᠯ 100 ᠬᠤᠪᠢ ᠬᠢᠪᠡᠯ ᠪᠤᠯ ᠰᠠᠶᠢ ᠬᠢᠷᠢ ᠲᠡᠩᠴᠡᠭᠰᠡᠨ᠎ᠲᠠᠢ ᠠᠳᠠᠯᠢ᠂ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ ᠪᠤᠯᠭ᠋ᠠᠨ᠎ᠢ ᠡᠷᠬᠡᠪᠰᠢ ᠶᠠᠮᠠᠷ ᠴᠤ᠌ ᠦ ᠰᠡᠪ ᠦᠭᠡᠢ ᠬᠢᠬᠦ ᠵᠢ ᠪᠠᠳᠤᠯᠠᠬᠤ ᠬᠡᠷᠡᠭᠳᠠᠢ!》 ᠴᠠᠭᠳᠠᠭ᠋ᠠᠨ᠎ᠤ ᠰᠤᠷᠭ᠋ᠠᠭᠤᠯᠢ᠎ᠳᠤ ᠰᠤᠷᠤᠯᠴᠠᠵᠤ ᠪᠠᠶ᠋ᠢᠬᠤ ᠬᠤᠭᠤᠴᠠᠭ᠋ᠠᠨ᠎ᠳᠤ᠎ᠪᠠᠨ ᠯᠢᠦ ᠪᠥᠸᠧ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠰᠢᠯᠢᠳᠡᠭ ᠬᠢᠷᠢ ᠪᠦᠲᠦᠮᠵᠢ ᠣᠯᠤᠭᠰᠠᠨ ᠪᠣᠯᠬᠤᠷ ᠲᠡᠷᠡ ᠣᠯᠠᠨ ᠤᠳᠠᠭ᠎ᠠ ᠨᠢᠭᠡᠳᠦᠭᠡᠷ ᠳᠡᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ ᠣᠯᠵᠠᠢ᠂ ᠬᠠᠷᠢᠨ ᠡᠶ᠋ᠢᠮᠦᠷᠬᠦ 《ᠵᠠᠪᠠᠯ ᠵᠠᠭᠤᠨ ᠬᠤᠪᠢ᠎ᠪᠠᠷ ᠴᠢᠷᠮᠠᠢ᠌ᠬᠤ》 ᠴᠢᠩᠭ᠎ᠠ ᠨᠢᠮᠪᠠᠶ ᠣᠪᠣᠷ ᠰᠤᠷᠲᠠᠯ ᠵᠶ᠋ᠠᠨ ᠠᠵᠢᠯ᠎ᠤᠨ ᠪᠠᠶ᠋ᠢᠷᠢ᠎ᠳᠤ ᠭᠠᠷᠤᠭᠰᠠᠨ ᠴᠤ᠌ ᠪᠠᠷᠢᠮᠲᠠᠯᠠᠭᠰᠠᠭ᠋ᠠᠷ ᠢᠷᠡᠵᠡᠢ᠃
      ᠲᠣᠮᠣ ᠳ᠋ᠠᠶ᠋ᠢᠲ᠋ᠠ ᠵᠢᠨ ᠲᠤᠷᠰᠢᠨ ᠪᠠᠶ᠋ᠢᠴᠠᠭ᠋ᠠᠯᠲᠠ ᠵᠢᠨ ᠰᠢᠨ᠎ᠡ ᠮᠡᠷᠭᠡᠵᠢᠯ᠂ ᠰᠢᠨ᠎ᠡ ᠠᠷᠭ᠎ᠠ ᠡᠳᠦᠷ ᠢᠷᠡᠬᠦᠶ᠎ᠡ ᠰᠢᠨᠡᠳᠴᠦ᠂ ᠪᠣᠳᠠᠲᠤ ᠪᠠᠶ᠋ᠢᠯᠳᠤᠭ᠋ᠠᠨ᠎ᠤ ᠳᠤᠮᠳᠠᠬᠢ ᠶᠡᠭᠡ ᠬᠡᠮᠵᠢᠶᠡᠨ᠎ᠤ ᠲᠤᠭ᠎ᠠ ᠪᠠᠷᠢᠮᠲᠠ᠎ᠳᠤ 《ᠳᠠᠷᠤᠭᠳᠠᠬᠤ》 ᠦᠭᠡᠢ ᠭᠡᠪᠡᠯ ᠡᠷᠬᠡᠪᠰᠢ ᠲᠤᠭ᠎ᠠ ᠪᠠᠷᠢᠮᠲᠠ ᠵᠢ ᠡᠵᠡᠮᠰᠢᠬᠦ ᠴᠠᠭ᠋ᠠᠷᠠᠭᠰᠠᠨ ᠴᠢᠳᠠᠪᠤᠷᠢ ᠵᠢ ᠳᠠᠪᠲᠠᠨ ᠪᠣᠯᠪᠠᠰᠤᠷᠠᠬᠤ ᠬᠡᠷᠡᠭᠲᠡᠢ᠃ ᠯᠢᠦ ᠪᠥᠸᠧ ᠲᠤᠰᠬᠠᠢ ᠮᠡᠷᠭᠡᠵᠢᠯ᠎ᠤᠨ ᠮᠡᠳᠡᠯᠭᠡ᠎ᠪᠠᠨ ᠠᠯᠢ ᠲᠦᠷᠭᠡᠨ ᠵᠶ᠋ᠠᠷ ᠪᠣᠳᠠᠲᠤ ᠳᠠᠶ᠋ᠢᠨ᠎ᠤ ᠴᠢᠳᠠᠪᠤᠷᠢ ᠪᠣᠯᠭ᠋ᠠᠨ ᠬᠤᠪᠢᠷᠠᠭᠤᠯᠬᠤ ᠵᠢᠨ ᠲᠥᠯᠥᠭᠡ᠂  ᠪᠠᠢ᠌ᠭᠤᠯᠭ᠎ᠠ᠎ᠠᠴᠠ᠎ᠪᠠᠨ ᠬᠠᠷᠢᠬᠤ ᠦᠭᠡᠢ᠂ ᠡᠳᠦᠷ᠎ᠲᠤ ᠠᠯᠢᠪᠠ ᠲᠣᠬᠢᠶᠠᠯ᠎ᠢ ᠠᠮᠵᠢᠨ ᠲᠤᠷᠰᠢᠯᠭ᠎ᠠ᠎ᠲᠠᠢ ᠠᠷᠠᠳ᠎ᠤᠨ ᠴᠠᠭᠳᠠᠭ᠎ᠠ᠎ᠠᠴᠠ ᠰᠤᠷᠤᠯᠴᠠᠵᠤ᠂ ᠰᠥᠨᠢ᠎ᠨᠢ ᠳᠠᠷᠤᠶ ᠠᠯᠪᠠᠨ ᠭᠡᠷ᠎ᠲᠤ᠎ᠪᠠᠨ ᠺᠣᠳ᠋᠎ᠢ ᠳᠠᠬᠢᠨ ᠳᠠᠪᠲᠠᠨ ᠰᠤᠳᠤᠯᠵᠤ ᠪᠠᠶ᠋ᠢᠪᠠ᠃ ᠲᠡᠷᠡ ᠥᠪᠡᠷ᠎ᠤᠨ ᠪᠡᠶ᠎ᠡ᠎ᠳᠤ᠎ᠪᠠᠨ 《ᠡᠳᠦᠷ᠎ᠲᠤ ᠨᠢᠭᠡ ᠬᠡᠷᠡᠭ᠎ᠢ ᠵᠠᠳᠠᠯᠤᠨ ᠰᠢᠨᠵᠢᠯᠡᠵᠦ᠂ ᠡᠳᠦᠷ᠎ᠲᠤ ᠨᠢᠭᠡ ᠰᠡᠳᠦᠪ᠎ᠢ ᠲᠠᠢ᠌ᠯᠬᠤ》 ᠱᠠᠭ᠋ᠠᠷᠳᠠᠯᠭ᠎ᠠ ᠲᠣᠭᠲᠠᠭ᠋ᠠᠵᠤ᠂ ᠡᠨᠡ ᠬᠦ᠌ ᠡᠷᠴᠢ ᠵᠣᠷᠢᠭ ᠵᠶ᠋ᠠᠷ ᠵᠶ᠋ᠠᠨ᠂ ᠪᠢᠴᠢᠭᠰᠡᠨ ᠲᠣᠮᠣ ᠲᠣᠭ᠎ᠠ ᠪᠠᠷᠢᠮᠲᠠ ᠵᠢᠨ ᠲᠤᠷᠰᠢᠨ ᠪᠠᠢ᠍ᠴᠠᠭ᠋ᠠᠯᠲᠠ ᠵᠢᠨ ᠦᠭᠦᠯᠡᠯ᠎ᠨᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠳᠤ ᠬᠡᠷᠡᠭᠯᠡᠭᠳᠡᠵᠡᠢ᠃
      ᠤᠢ᠌ᠷ᠎ᠠ ᠵᠢᠨ ᠵᠢᠯ᠎ᠳᠤ᠂ ᠯᠢᠦ ᠪᠦᠸᠧ ᠶᠠᠯ᠎ᠠ ᠬᠢᠬᠦ ᠰᠡᠳᠭᠢᠴᠡ ᠵᠦᠢ᠂ ᠡᠷᠡᠭᠦᠦ ᠵᠢᠨ ᠬᠠᠤᠯᠢ᠂ ᠡᠷᠡᠭᠦᠦ ᠵᠢᠨ ᠵᠠᠷᠭᠤ ᠵᠡᠷᠭᠡ ᠲᠤᠰᠭ᠋ᠠᠢ ᠮᠡᠷᠭᠡᠵᠢᠯ᠎ᠤᠨ ᠬᠣᠶᠠᠷ ᠵᠠᠭᠤ ᠭᠠᠷᠤᠢ ᠨᠣᠮ ᠤᠩᠰᠢᠪᠠ᠃ ᠶᠠᠭ ᠰᠢᠨᠲᠠᠷᠠᠰᠢ ᠦᠭᠡᠢ ᠴᠢᠷᠮᠠᠢ᠌ᠭᠰᠠᠨ᠎ᠠᠴᠠ᠂ ᠲᠡᠷᠡ ᠶᠠᠯ᠎ᠠ ᠬᠢᠭᠰᠡᠨ ᠤᠭ ᠰᠠᠨᠠᠭ᠋ᠠᠨ᠎ᠤ ᠵᠠᠳᠠᠯᠤᠯᠲᠠ᠂ ᠬᠡᠷᠡᠭ᠎ᠢ ᠲᠠᠩᠨᠠᠨ ᠰᠢᠢ᠍ᠳᠪᠦᠷᠢᠯᠡᠬᠦ ᠶᠠᠪᠤᠴᠠ ᠵᠡᠷᠭᠡ ᠲᠤᠰᠬᠠᠢ ᠮᠡᠷᠭᠡᠵᠢᠯ᠎ᠤᠨ ᠮᠡᠳᠡᠯᠭᠡ ᠵᠢ ᠲᠣᠳᠣᠷᠬᠠᠢ ᠮᠡᠳᠡᠵᠦ᠂ ᠦᠳᠲᠡᠷ ᠲᠦᠷᠭᠡᠨ ᠲᠤᠮᠤ ᠳ᠋ᠠᠶ᠋ᠢᠲ᠋ᠠ ᠵᠢᠨ ᠲᠤᠷᠰᠢᠨ ᠪᠠᠶ᠋ᠢᠴᠠᠭ᠋ᠠᠯᠲᠠ ᠵᠢᠨ ᠬᠦᠷᠢᠶᠡᠨ᠎ᠳᠠᠬᠢ ᠨᠢᠭᠡᠨ ᠬᠤᠰᠢᠭᠤᠴᠢ ᠴᠡᠷᠢᠭ ᠪᠤᠯᠵᠤ ᠦᠰᠦᠨ ᠪᠤᠶ᠋ᠢᠵᠢᠪᠠ᠃ ᠲᠡᠷᠡ ᠦᠬᠠᠶ ᠬᠤᠲᠠ ᠵᠢᠨ ᠠᠩᠬᠠᠳᠠᠭᠴᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠠᠷᠠᠯᠲᠠᠲᠤ ᠬᠤᠤᠷᠲᠤ ᠡᠳ᠋ ᠫᠠᠨᠽᠠᠯᠠᠭᠰᠠᠨ ᠬᠡᠷᠡᠭ᠂ ᠦᠬᠠᠶ ᠬᠤᠲᠠ ᠵᠢᠨ ᠠᠩᠬᠠᠳᠠᠭᠴᠢ ᠮᠤᠵᠢ ᠠᠯᠤᠰᠯᠠᠨ ᠬᠤᠤᠷᠲᠤ ᠡᠳ᠋ ᠫᠠᠨᠽᠠᠯᠠᠭᠰᠠᠨ ᠬᠡᠷᠡᠭ᠂ ᠦᠬᠠᠶ ᠬᠤᠲᠠ ᠵᠢᠨ ᠬᠥᠮᠦᠨ᠎ᠤ ᠪᠡᠶ᠎ᠡ ᠵᠢᠨ ᠬᠤᠤᠷᠲᠤ ᠡᠳ᠋ ᠬᠠᠳᠠᠭ᠋ᠠᠯᠠᠬᠤ ᠠᠭ᠋ᠠᠷ ᠵᠶ᠋ᠠᠷ ᠬᠤᠤᠷᠲᠤ ᠡᠳ᠋ ᠫᠠᠨᠽᠠᠯᠠᠭᠰᠠᠨ ᠬᠡᠷᠡᠭ᠎ᠢ ᠢᠯᠡᠷᠡᠭᠦᠯᠬᠦ᠎ᠳᠤ ᠲᠤᠯᠭ᠋ᠠᠭᠤᠷᠢᠯᠠᠯ ᠬᠠᠩᠭ᠋ᠠᠵᠤ᠂ ᠦᠬᠠᠶ ᠬᠤᠲᠠ ᠵᠢᠨ ᠬᠣᠣᠷ ᠫᠠᠨᠽᠠᠯᠠᠭᠴᠢ ᠵᠢ ᠪᠠᠷᠢᠪᠴᠢᠯᠠᠬᠤ ᠠᠵᠢᠯ᠎ᠤᠨ ᠣᠯᠠᠨ 《ᠨᠢᠭᠡᠳᠦᠭᠡᠷ》᠎ᠢ ᠣᠯᠪᠠ᠃

1745900938240098.jpg


      ᠬᠤᠶᠠᠷ᠂ ᠴᠢᠳᠠᠮᠠᠭ᠋ᠠᠢ ᠬᠡᠷᠡᠭᠯᠡᠭᠴᠢ ᠪᠠᠭ᠋ᠠᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠳᠡᠢ᠌ᠯᠦᠨ᠎ᠡ
      《ᠲᠤᠷᠰᠢᠨ ᠪᠠᠶ᠋ᠢᠴᠠᠭ᠋ᠠᠬᠤ ᠠᠵᠢᠯ᠎ᠤᠨ ᠳᠤᠮᠳᠠᠬᠢ ᠲᠤᠮᠤ ᠳ᠋ᠠᠶ᠋ᠢᠲ᠋ᠠ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠶ᠎ᠠ ᠭᠡᠪᠡᠯ ᠪᠠᠰᠠ ᠠᠷᠠᠳ᠎ᠤᠨ ᠴᠠᠭᠳᠠᠭ᠎ᠠ ᠵᠢᠨ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ᠎ᠳᠤ ᠲᠦᠰᠢᠭᠯᠡᠨ᠎ᠡ》 ᠭᠡᠵᠦ ᠬᠡᠯᠡᠪᠡ᠃ ᠯᠢᠦ ᠪᠥᠸᠧ ᠬᠡᠯᠡᠭᠰᠡᠨ᠎ᠨᠢ᠂ ᠨᠢᠭᠡ ᠤᠳᠠᠭ᠎ᠠ ᠨᠢᠭᠡᠨ ᠬᠡᠷᠡᠭ᠎ᠢ ᠪᠠᠢ᠍ᠴᠠᠭ᠋ᠠᠬᠤ ᠦᠶ᠎ᠡ᠎ᠳᠤ᠂ ᠯᠢᠦ ᠪᠦᠸᠧ ᠶᠠᠯ᠎ᠠ ᠬᠢᠭᠰᠡᠨ ᠨᠢᠭᠡᠨ ᠬᠤᠯᠵᠢᠨ ᠶᠠᠯ᠎ᠠ ᠬᠢᠭᠰᠡᠨ ᠰᠡᠵᠢᠭᠲᠡᠨ᠎ᠲᠠᠢ ᠳᠣᠬᠢᠶᠠᠯᠳᠤᠵᠤ᠂ ᠡᠩ᠎ᠤᠨ ᠲᠤᠷᠰᠢᠨ ᠪᠠᠢ᠍ᠴᠠᠭ᠋ᠠᠬᠤ ᠠᠷᠭ᠎ᠠ ᠪᠠᠷᠢᠯ ᠴᠥᠮ ᠦᠢ᠍ᠯᠡᠳᠦᠯ ᠭᠠᠷᠭ᠋ᠠᠭᠰᠠᠨ ᠦᠭᠡᠢ᠃ ᠲᠤᠷᠰᠢᠨ ᠪᠠᠶ᠋ᠢᠴᠠᠭ᠋ᠠᠬᠤ ᠠᠵᠢᠯ ᠬᠠᠷᠰᠢ ᠪᠠᠶ᠋ᠢᠲᠠᠯ᠎ᠳᠤ ᠤᠷᠤᠭᠰᠠᠨ ᠦᠶ᠎ᠡ᠎ᠳᠤ᠂ ᠶᠠᠯ᠎ᠠ ᠬᠢᠭᠰᠡᠨ ᠰᠡᠵᠢᠭᠲᠡᠨ᠎ᠤ ᠭᠡᠷ᠎ᠤᠨ ᠤᠲᠠᠰᠤ᠎ᠳᠤ ᠢᠷᠡᠭᠦᠯᠦᠭᠰᠡᠨ ᠨᠢᠭᠡᠨ ᠦᠭᠡᠷ᠎ᠡ ᠭᠠᠵᠠᠷ᠎ᠤᠨ ᠨᠣᠮᠧᠷ ᠯᠢᠦ ᠪᠦᠧᠧ ᠵᠢᠨ ᠠᠩᠬᠠᠷᠤᠯ᠎ᠳᠤ ᠣᠷᠣᠵᠤ᠂ ᠶᠠᠭ ᠡᠨᠡ ᠨᠣᠮᠧᠷ᠎ᠠᠴᠠ ᠡᠷᠭᠢᠯᠲᠡ ᠭᠠᠷᠴᠤ᠂ ᠡᠴᠦᠰ᠎ᠲᠤ᠎ᠪᠠᠨ ᠶᠠᠯ᠎ᠠ ᠬᠢᠭᠰᠡᠨ ᠰᠡᠵᠢᠭᠲᠡᠨ᠎ᠢ ᠨᠢᠬᠡᠳ ᠨᠢᠬᠡ᠎ᠪᠠᠷ ᠪᠠᠷᠢᠪᠴᠢᠯᠠᠪᠠ᠃
      ᠯᠢᠦ ᠪᠥᠸᠧ ᠬᠡᠷᠡᠭ᠎ᠤᠨ ᠨᠠᠷᠢᠨ ᠵᠤᠶ᠋ᠢᠯᠡᠰ᠎ᠢ ᠢᠯᠡᠷᠡᠭᠦᠯᠬᠦ᠎ᠳᠡᠭᠡᠨ ᠴᠢᠳᠠᠮᠠᠭ᠋ᠠᠶ ᠪᠠᠶ᠋ᠢᠵᠤ᠂ ᠨᠢᠭᠡᠨ ᠲᠤᠰᠬᠠᠶ ᠬᠡᠷᠡᠭ᠎ᠢ ᠢᠯᠡᠷᠡᠭᠦᠯᠬᠦ᠎ᠳᠤ᠂ ᠬᠡᠷᠡᠭ᠎ᠤᠨ ᠪᠠᠶ᠋ᠢᠳᠠᠯ᠎ᠨᠢ ᠪᠤᠳᠤᠯᠢᠶᠠᠨᠲᠠᠶ᠂ ᠪᠣᠳᠠᠲᠤ ᠶᠠᠪᠤᠳᠠᠯ᠎ᠨᠢ ᠪᠠᠯᠠᠷᠬᠠᠶ᠂ ᠬᠡᠷᠡᠭ᠎ᠲᠤ ᠬᠤᠯᠪᠣᠭᠳᠠᠭᠰᠠᠨ ᠬᠥᠮᠦᠨ ᠣᠯᠠᠨ᠂ ᠴᠢᠬᠤᠯᠠ ᠪᠦᠬᠦᠢ ᠭᠡᠷᠡᠴᠢ ᠪᠠᠷᠢᠮᠲᠠ ᠳᠤᠲᠠᠭᠳᠠᠵᠤ ᠪᠠᠶ᠋ᠢᠭᠰᠠᠨ ᠪᠠᠶ᠋ᠢᠳᠠᠯ᠎ᠤᠨ ᠡᠮᠦᠨ᠎ᠡ᠂ ᠲᠡᠷᠡ ᠣᠯᠠᠨ ᠰᠢᠷᠬᠡᠭ ᠵᠶ᠋ᠠᠨ ᠳᠤᠮᠳᠠ᠎ᠠᠴᠠ ᠬᠡᠷᠡᠭ᠎ᠲᠤ ᠬᠤᠯᠪᠣᠭᠳᠠᠭᠰᠠᠨ ᠪᠣᠶ ᠪᠦᠬᠦᠢ ᠬᠥᠮᠦᠰ᠎ᠤᠨ ᠬᠠᠷᠢᠴᠠᠭ᠎ᠠ ᠵᠢ ᠡᠮᠬᠢᠯᠡᠬᠦ ᠵᠢᠨ ᠬᠠᠮᠲᠤ ᠬᠡᠷᠡᠭ᠎ᠲᠤ ᠬᠤᠯᠪᠣᠭᠳᠠᠭᠰᠠᠨ ᠲᠡᠷᠭᠡ ᠬᠥᠰᠬᠡ᠂ ᠪᠡᠯᠡ ᠮᠥᠩᠭᠦ ᠵᠢᠨ ᠡᠷᠭᠢᠯᠲᠡ᠂ ᠡᠳᠦᠷ ᠲᠤᠲᠤᠮ᠎ᠤᠨ ᠬᠡᠷᠡᠭᠯᠡᠭᠡ ᠵᠡᠷᠭᠡ ᠲᠤᠭ᠎ᠠ ᠪᠠᠷᠢᠮᠲᠠ ᠵᠢ ᠦᠨᠳᠦᠰᠦᠯᠡᠨ ᠨᠢᠭᠡᠨ ᠶᠠᠯ᠎ᠠ ᠬᠢᠭᠰᠡᠨ ᠰᠡᠵᠢᠭᠳᠡᠨ᠎ᠢ ᠲᠣᠭᠲᠠᠭ᠋ᠠᠵᠤ᠂ ᠬᠡᠷᠡᠭ᠎ᠢ ᠲᠤᠷᠰᠢᠨ ᠪᠠᠶ᠋ᠢᠴᠠᠭ᠋ᠠᠬᠤ᠎ᠳᠤ ᠵᠠᠩᠭᠢᠯᠠᠭ᠎ᠠ ᠵᠢᠨ ᠰᠢᠪᠲᠤᠯᠤᠯᠲᠠ᠎ᠲᠠᠢ ᠪᠣᠯᠭ᠋ᠠᠪᠠ᠃ ᠬᠡᠷᠡᠭ᠎ᠲᠤ ᠬᠤᠯᠪᠣᠭᠳᠠᠭᠰᠠᠨ ᠬᠥᠮᠥᠰ᠎ᠤᠨ ᠪᠦᠬᠦ ᠬᠡᠮᠵᠢᠶᠡᠨ᠎ᠤ ᠰᠦᠪᠡᠭᠴᠢ᠎ᠲᠠᠢ ᠤᠶᠠᠯᠳᠤᠭᠤᠯᠤᠨ 《ᠪᠦᠰᠡᠯᠡᠨ ᠳᠠᠭ᠋ᠠᠷᠢᠬᠤ》 ᠲᠠᠶ᠋ᠢᠨ᠎ᠤ ᠠᠷᠭ᠎ᠠ ᠵᠢ ᠥᠷᠨᠢᠭᠦᠯᠵᠦ᠂ ᠬᠡᠳᠦ᠋ᠢ᠍ᠪᠡᠷ ᠦᠵᠡᠬᠦ᠎ᠳᠤ

《ᠪᠢᠳᠠᠭᠤ》 ᠰᠢᠭ ᠪᠣᠯᠪᠠᠴᠤ ᠤᠯᠠᠨ ᠤᠳᠠᠭ᠎ᠠ ᠪᠣᠳᠠᠲᠤ ᠪᠠᠶ᠋ᠢᠯᠳᠤᠭ᠋ᠠᠨ᠎ᠤ ᠰᠢᠯᠭ᠋ᠠᠨ ᠨᠤᠲᠠᠯᠠᠯᠲᠠ᠎ᠪᠠᠷ ᠳᠠᠮᠵᠢᠨ ᠬᠡᠷᠡᠭ᠎ᠢ ᠢᠯᠡᠷᠡᠭᠦᠯᠬᠦ 《ᠤᠷᠠᠨ ᠠᠷᠭ᠎ᠠ》 ᠪᠣᠯᠤᠭᠰᠠᠨ ᠪᠠᠶ᠋ᠢᠨ᠎ᠠ᠃

1745900894752048.jpg


      ᠭᠤᠷᠪᠠ᠂  ᠬᠡᠷᠪᠡ ᠲᠤᠷᠰᠢᠨ ᠪᠠᠶ᠋ᠢᠴᠠᠭ᠋ᠠᠯᠲᠠ᠎ᠨᠢ ᠤᠳᠠᠭ᠋ᠠᠨ ᠪᠤᠯ ᠳᠠᠷᠠᠭ᠋ᠠᠴᠢ ᠵᠢᠨ ᠠᠵᠢᠯ᠎ᠨᠢ ᠨᠡᠩ ᠤᠳᠠᠭ᠋ᠠᠨ ᠪᠤᠯᠤᠨ᠎ᠠ
      《ᠮᠡᠳᠡᠭᠡ ᠵᠠᠩᠭᠢ ᠴᠥᠮ ᠮᠠᠨ᠎ᠤ ᠠᠳᠡ ᠴᠤᠭᠯᠠᠷᠠᠵᠤ᠂ ᠪᠤᠰᠤᠳ ᠬᠠᠮᠲᠤ ᠠᠵᠢᠯᠯᠠᠭᠰᠠᠳ ᠪᠢᠳᠡᠨ᠎ᠤ ᠮᠠᠭ᠋ᠠᠳᠯᠠᠯᠲᠠ ᠵᠢ ᠬᠦᠯᠢᠶᠡᠵᠦ ᠪᠠᠶ᠋ᠢᠨ᠎ᠠ᠂ ᠬᠡᠷᠪᠡ ᠪᠢᠳᠡ ᠵᠢᠭ᠋ᠠᠬᠠᠨ ᠤᠳᠠᠭ᠋ᠠᠨ ᠠᠵᠢᠯᠯᠠᠪᠠᠯ ᠳᠠᠷᠠᠭ᠋ᠠᠴᠢ ᠵᠢᠨ ᠠᠵᠢᠯ᠎ᠨᠢ ᠨᠡᠩ ᠤᠳᠠᠭ᠋ᠠᠨ ᠪᠤᠯᠤᠨ᠎ᠠ》 ᠭᠡᠵᠦ ᠯᠢᠦ ᠪᠥᠸᠧ ᠬᠡᠯᠡᠪᠡ᠃ ᠲᠡᠷᠡ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠴᠢᠳᠠᠨ᠎ᠠ᠃ ᠵᠠᠷᠯᠢᠭ ᠵᠶ᠋ᠠᠷ ᠲᠦᠩᠯᠢᠶᠣᠤ ᠬᠤᠳᠠ᠂ ᠬᠥᠬᠡᠬᠤᠲᠠ᠎ᠳᠤ ᠬᠦᠷᠴᠦ ᠬᠡᠷᠡᠭ ᠰᠢᠢ᠍ᠳᠪᠦᠷᠢᠯᠡᠬᠦ ᠨᠢᠭᠡ ᠵᠢᠯ᠎ᠤᠨ  ᠬᠤᠭᠤᠴᠠᠭ᠋ᠠᠨ᠎ᠳᠤ᠂ ᠲᠡᠷᠡ ᠰᠡᠵᠢᠭᠳᠡᠨ᠎ᠢ ᠪᠠᠷᠢᠪᠴᠢᠯᠠᠬᠤ᠂ ᠰᠦᠪᠡᠭᠴᠢ ᠵᠢ ᠥᠷᠭᠡᠳᠬᠡᠬᠦ᠂ 《ᠬᠠᠮᠠᠭ᠋ᠠᠯᠠᠭᠴᠢ》 ᠵᠢ ᠴᠣᠬᠢᠬᠤ ᠵᠡᠷᠭᠡ ᠲᠠᠯ᠎ᠠ᠎ᠪᠠᠷ ᠴᠥᠮ ᠣᠨᠣᠴᠠᠲᠠᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠴᠢᠬᠤᠯᠠ ᠰᠦᠪᠡᠭᠴᠢ ᠵᠢ ᠴᠤᠭᠯᠠᠭᠤᠯᠬᠤ᠂ ᠵᠠᠩᠭᠢᠯᠠᠭ᠎ᠠ ᠵᠢᠨ ᠭᠡᠷᠡᠴᠢ ᠪᠠᠷᠢᠮᠲᠠ ᠤᠯᠬᠤ ᠪᠠ ᠪᠦᠬᠦ ᠬᠡᠷᠡᠭ᠎ᠲᠤ ᠰᠢᠪᠲᠤᠯᠤᠯᠲᠠ ᠬᠢᠬᠦ᠎ᠳᠤ ᠲᠤᠪᠤᠶ᠋ᠢᠮ᠎ᠠ ᠬᠤᠪᠢ ᠨᠡᠮᠡᠷᠢ ᠦᠵᠡᠭᠦᠯᠪᠡ᠃ ᠲᠡᠷᠡ ᠡᠯ᠎ᠡ ᠲᠤᠰᠬᠠᠶ ᠬᠡᠷᠡᠭ᠎ᠤᠨ ᠳᠤᠭᠤᠶ᠋ᠢᠯᠠᠩ᠎ᠳᠤ ᠠᠮᠵᠢᠯᠲᠠ᠎ᠲᠠᠢ᠎ᠪᠠᠷ ᠲᠤᠯᠭ᠋ᠠᠭᠤᠷᠢᠯᠠᠵᠤ᠂ ᠤᠷᠢᠳ ᠬᠤᠵᠢᠳ ᠬᠠᠷ᠎ᠠ ᠪᠦᠯᠦᠭ᠎ᠤᠨ ᠴᠢᠨᠠᠷᠲᠠᠶ 6 ᠵᠣᠬᠢᠶᠠᠨ ᠪᠠᠶ᠋ᠢᠭᠤᠯᠤᠯᠲᠠ ᠵᠢ ᠨᠤᠷᠠᠭ᠋ᠠᠵᠤ᠂ ᠶᠠᠯ᠎ᠠ ᠬᠢᠭᠰᠡᠨ ᠰᠡᠵᠢᠭᠳᠡᠨ᠎ᠢ 300 ᠭᠠᠷᠤᠶ ᠪᠠᠷᠢᠪᠴᠢᠯᠠᠵᠤ᠂ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠢ 280 ᠢᠯᠡᠷᠡᠭᠦᠯᠵᠦ᠂ ᠬᠡᠷᠡᠭ᠎ᠲᠤ ᠬᠤᠯᠪᠣᠭᠳᠠᠭᠰᠠᠨ ᠡᠳ᠋ ᠬᠥᠷᠥᠩᠭᠡ ᠵᠢ 14.5 ᠳ᠋ᠦᠩᠰᠢᠭᠤᠷ ᠲᠥᠭᠦᠷᠢᠭ ᠪᠠᠶ᠋ᠢᠴᠠᠭ᠋ᠠᠨ ᠪᠢᠲᠡᠭᠦᠮᠵᠢᠯᠡᠵᠦ᠂ ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ 《ᠪᠥᠬᠦ ᠤᠯᠤᠰ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠲᠡᠷᠢᠭᠦᠨ᠎ᠤ ᠬᠠᠮᠲᠤ ᠨᠡᠶ᠋ᠢᠲᠡ》 ᠵᠢᠨ ᠢᠷᠠᠭᠤ ᠠᠯᠳᠠᠷ᠎ᠢ ᠭᠥᠷᠳᠡᠬᠦ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
      《ᠲᠤᠷᠰᠢᠨ ᠪᠠᠶ᠋ᠢᠴᠠᠭ᠋ᠠᠬᠤ ᠠᠵᠢᠯ᠎ᠨᠢ ᠡᠷᠬᠡᠪᠰᠢ ᠨᠢᠭᠡᠳᠦᠭᠡᠷ ᠹᠷᠣᠨᠲ᠎ᠤᠨ ᠬᠡᠷᠡᠭ ᠢᠯᠡᠷᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠴᠢᠩᠭ᠎ᠠ ᠠᠩᠬᠠᠷᠬᠤ ᠬᠡᠷᠡᠭᠲᠡᠶ》 ᠬᠡᠵᠡᠢ᠃ ᠯᠢᠦ ᠪᠥᠸᠧ ᠤᠳᠤᠷᠢᠳᠬᠤ ᠪᠠᠶ᠋ᠢᠷᠢᠨ᠎ᠳᠤ ᠭᠠᠷᠤᠭᠰᠠᠨ᠎ᠠᠴᠠ ᠨᠠᠭ᠋ᠠᠰᠢ᠂ ᠲᠡᠷᠡ ᠡᠨᠡ ᠬᠦ᠌ ᠲᠤᠷᠰᠢᠨ ᠪᠠᠶ᠋ᠢᠴᠠᠭ᠋ᠠᠬᠤ ᠰᠡᠳᠬᠢᠬᠦᠶ ᠵᠢ ᠠᠵᠢᠯ᠎ᠤᠨ ᠭᠤᠭᠴᠤᠭ᠎ᠠ ᠨᠢᠭᠡᠪᠦᠷᠢ᠎ᠳᠤ ᠲᠤᠭᠤᠰᠢᠯᠠᠭᠤᠯᠪᠠ᠃ ᠭᠠᠭᠴᠠᠬᠠᠨ ᠵᠢᠯ᠎ᠤᠨ ᠬᠤᠭᠤᠴᠠᠭ᠋ᠠᠨ᠎ᠳᠤ ᠲᠡᠭᠦᠨ᠎ᠤ ᠠᠵᠢᠯᠯᠠᠵᠤ ᠪᠠᠶ᠋ᠢᠭ᠎ᠠ ᠪᠠᠢ᠌ᠭᠤᠯᠭ᠎ᠠ᠎ᠨᠢ ᠦᠨᠳᠦᠰᠦᠨ ᠱᠠᠲᠤᠨ᠎ᠤ ᠰᠠᠯᠪᠤᠷᠢ ᠠᠩᠭᠢ ᠵᠢ ᠳᠡᠮᠵᠢᠨ ᠢᠯᠡᠷᠡᠭᠦᠯᠦᠭᠰᠡᠨ ᠠᠷᠠᠳ᠎ᠤᠨ ᠠᠮᠢᠳᠤᠷᠠᠯ᠎ᠤᠨ ᠬᠣᠯᠪᠣᠭ᠋ᠠᠲᠠᠢ ᠵᠢᠵᠢᠭ ᠬᠡᠷᠡᠭ᠎ᠨᠢ ᠡᠮᠦᠨ᠎ᠡ ᠣᠨ᠎ᠤ ᠮᠥᠨ ᠦᠶ᠎ᠡ ᠵᠢᠨ᠎ᠬᠢ᠎ᠠᠴᠠ 33% ᠵᠶ᠋ᠡᠷ ᠨᠡᠮᠡᠭᠳᠡᠭᠰᠡᠨ ᠪᠠᠶ᠋ᠢᠨ᠎ᠠ᠃ 《ᠰᠠᠯᠪᠤᠷᠢ ᠠᠩᠭᠢ ᠵᠢᠨ ᠯᠢᠦ ᠪᠥᠸᠧ ᠲᠤᠷᠰᠢᠨ ᠪᠠᠶ᠋ᠢᠴᠠᠭ᠋ᠠᠬᠤ ᠠᠵᠢᠯ᠎ᠳᠤ ᠶᠡᠷᠦ᠎ᠨᠢ ᠰᠠᠨᠠᠭ᠎ᠠ ᠠᠮᠤᠷ ᠦᠭᠡᠢ ᠪᠠᠶ᠋ᠢᠵᠤ᠂ ᠶᠠᠯ᠎ᠠ ᠬᠢᠭᠰᠡᠨ ᠰᠦᠪᠡᠭᠴᠢ ᠵᠢ ᠴᠠᠭ ᠲᠤᠬᠠᠢ᠎ᠳᠤ᠎ᠨᠢ ᠰᠡᠷᠡᠵᠦ ᠮᠡᠳᠡᠭᠰᠡᠨ ᠦᠭᠡᠢ᠂ ᠴᠠᠭ ᠲᠤᠬᠠᠢ᠎ᠳᠤ᠎ᠨᠢ ᠬᠤᠷᠢᠭᠯᠠᠨ ᠵᠣᠭᠰᠣᠭ᠋ᠠᠭᠰᠠᠨ ᠦᠭᠡᠢ᠎ᠠᠴᠠ ᠠᠶᠤᠳᠠᠭ᠃ ᠡᠨᠡ ᠬᠦ᠌ ᠠᠵᠢᠯ᠎ᠤᠨ ᠣᠪᠣᠷ᠎ᠨᠢ ᠮᠠᠨ᠎ᠤ ᠰᠠᠯᠪᠤᠷᠢ ᠠᠩᠭᠢ ᠵᠢᠨ ᠬᠥᠮᠥᠨ ᠨᠢᠭᠡᠪᠦᠷᠢ ᠵᠢ ᠭᠦᠨᠵᠡᠭᠡᠢ ᠨᠥᠯᠥᠭᠡᠯᠡᠵᠦ ᠪᠠᠢ᠌ᠨ᠎ᠠ》 ᠭᠡᠵᠦ ᠬᠠᠮᠲᠤ ᠠᠵᠢᠯᠯᠠᠭᠴᠢ ᠯᠢᠦ ᠫᠧᠩ ᠬᠡᠯᠡᠪᠡ᠃

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ