ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠨᠠᠷᠠᠲᠤ ᠤᠷᠠᠨ ᠪᠢᠴᠢᠯᠭᠡᠲᠡᠨ ᠴᠠᠭᠳᠠᠭ᠎ᠠ ᠵᠢᠨ ᠬᠦᠷᠢᠶᠡᠨ᠎ᠳᠤ ᠭᠦᠨᠵᠡᠭᠡᠢ᠌ᠷᠡᠬᠦ》 ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-04-14

   1 ᠳ᠋ᠦ᠍ᠭᠡᠷ ᠰᠠᠷ᠎ᠠ ᠵᠢᠨ 17᠎ᠤ ᠦᠳᠡ ᠵᠢᠨ ᠡᠮᠦᠨ᠎ᠡ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠰᠣᠯᠢᠯᠴᠠᠭ᠎ᠠ ᠵᠢ ᠤᠯᠠᠮ ᠨᠢᠭᠡ ᠠᠯᠬᠤᠮ ᠠᠬᠢᠭᠤᠯᠬᠤ᠂ ᠴᠠᠭᠳᠠᠭ᠋ᠠᠨ᠎ᠤ ᠬᠦᠷᠢᠶᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠲᠥᠯᠥᠭᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ

《ᠨᠡᠷᠡᠲᠦ ᠤᠷᠠᠨ ᠪᠢᠴᠢᠯᠭᠡᠲᠡᠨ ᠴᠠᠭᠳᠠᠭ᠋ᠠᠨ᠎ᠤ ᠬᠦᠷᠢᠶᠡᠨ᠎ᠳᠤ ᠭᠦᠨᠵᠡᠭᠡᠢ᠌ᠷᠡᠬᠦ》 ᠠᠵᠢᠯᠯᠠᠭ᠎ᠠ ᠥᠷᠨᠢᠭᠦᠯᠪᠡ᠃ ᠬᠣᠲᠠ ᠵᠢᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠬᠣᠲᠠ ᠵᠢᠨ ᠤᠷᠠᠨ ᠪᠢᠴᠢᠯᠭᠡᠲᠡᠳ᠎ᠤᠨ ᠨᠡᠶ᠋ᠢᠭᠡᠮᠯᠢᠭ᠎ᠤᠨ ᠤᠷᠢᠯᠭ᠎ᠠ᠎ᠪᠠᠷ ᠲᠦᠷᠪᠡᠨ ᠨᠡᠷᠡᠲᠦ ᠤᠷᠠᠨ ᠪᠢᠴᠢᠯᠭᠡᠳᠡᠨ᠎ᠢ ᠵᠣᠬᠢᠶᠠᠨ ᠪᠠᠶ᠋ᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠲᠠᠢ ᠬᠠᠮᠲᠤ᠎ᠪᠠᠷ ᠴᠠᠭ᠋ᠠᠨ ᠰᠠᠷ᠎ᠠ ᠵᠢᠨ ᠪᠠᠶᠠᠷ᠎ᠢ ᠤᠭᠳᠤᠨ᠂ ᠪᠢᠷ ᠪᠡᠬᠡᠰ᠎ᠤᠨ ᠭᠠᠢ᠌ᠬᠠᠮᠰᠢᠭ᠎ᠢ ᠢᠯᠡᠷᠡᠭᠦᠯᠪᠡ᠃
640 (2).jpg    


    ᠨᠡᠷᠡᠳᠦ ᠤᠷᠠᠨ ᠪᠢᠴᠢᠯᠭᠡᠳᠡᠨ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠤᠨ ᠤᠷᠠᠨ ᠪᠢᠴᠢᠯᠭᠡ ᠵᠢᠨ ᠦᠵᠡᠭᠦᠯᠭᠡ ᠵᠢ ᠲᠣᠭᠣᠷᠢᠨ ᠦᠵᠡᠵᠦ᠂ ᠳᠡᠯᠭᠡᠨ ᠦᠵᠡᠭᠦᠯᠵᠦ ᠪᠠᠶ᠋ᠢᠭ᠎ᠠ ᠤᠷᠠᠨ ᠪᠢᠴᠢᠯᠭᠡ ᠵᠢᠨ ᠪᠦᠲᠦᠭᠡᠯ᠎ᠳᠤ ᠲᠤᠰᠬᠠᠢ ᠮᠡᠷᠭᠡᠵᠢᠯ᠎ᠤᠨ ᠦᠨᠡᠯᠡᠯᠲᠡ ᠬᠢᠵᠦ᠂ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠤᠷᠠᠨ ᠪᠢᠴᠢᠯᠭᠡ ᠤᠷᠠᠨ ᠵᠢᠷᠤᠭ᠎ᠤᠨ ᠠᠪᠢᠶᠠᠰᠯᠢᠭ ᠬᠥᠮᠦᠰ᠎ᠲᠠᠢ  ᠤᠷ᠎ᠠ ᠮᠡᠷᠭᠡᠵᠢᠯ ᠵᠶ᠋ᠠᠨ ᠰᠣᠯᠢᠯᠴᠠᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠤᠷᠠᠨ ᠪᠢᠴᠢᠯᠭᠡᠳᠡᠨ ᠪᠢᠷ ᠪᠡᠬᠡᠰ ᠵᠶ᠋ᠠᠷ ᠵᠶ᠋ᠠᠨ ᠪᠦᠬᠦ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠵᠦ᠂ ᠭᠣᠶ᠋ᠢᠳᠠ ᠰᠠᠶ᠋ᠢᠬᠠᠨ ᠤᠷᠠᠯᠢᠭ ᠵᠶ᠋ᠡᠷ ᠬᠢᠷᠢ ᠪᠦᠲᠦᠮᠵᠢ ᠵᠢ ᠢᠯᠡᠷᠡᠭᠦᠯᠪᠡ᠃
640.jpg  


    ᠲᠤᠰ ᠤᠳᠠᠭ᠋ᠠᠨ᠎ᠤ ᠠᠵᠢᠯᠯᠠᠭ᠎ᠠ᠎ᠳᠤ ᠪᠦᠬᠦ ᠴᠠᠭᠳᠠᠭ᠎ᠠ ᠵᠢᠨ᠎ᠬᠢᠨ ᠨᠡᠷᠡᠲᠦ ᠤᠷᠠᠨ ᠪᠢᠴᠢᠯᠭᠡᠳᠡᠨ᠎ᠲᠠᠢ ᠰᠠᠨᠠᠯ ᠵᠶ᠋ᠠᠨ ᠰᠣᠯᠢᠯᠴᠠᠵᠤ᠂ ᠤᠯᠠᠮᠵᠢᠯᠠᠯᠲᠤ ᠤᠷᠠᠨ ᠪᠢᠴᠢᠯᠭᠡ ᠵᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠶ ᠠᠭᠤᠯᠭ᠎ᠠ ᠵᠢ ᠬᠠᠮᠲᠤ᠎ᠪᠠᠷ ᠣᠢ᠌ᠯᠠᠭ᠋ᠠᠨ᠂ ᠴᠠᠭ᠋ᠠᠨ ᠰᠠᠷ᠎ᠠ ᠵᠢᠨ ᠪᠠᠶᠠᠷ ᠪᠣᠯᠬᠤ ᠭᠡᠵᠦ ᠪᠠᠶ᠋ᠢᠭ᠎ᠠ ᠦᠶ᠎ᠡ᠎ᠳᠤ ᠴᠠᠭᠳᠠᠭ᠋ᠠᠨ᠎ᠤ ᠬᠤᠸᠠᠷᠠᠨ᠎ᠳᠤ ᠥᠩᠭᠡ ᠦᠵᠡᠮᠵᠢ ᠨᠡᠮᠡᠷᠢᠯᠡᠭᠰᠡᠨ ᠪᠠᠶ᠋ᠢᠨ᠎ᠠ᠃

 

ᠢᠷᠡᠯᠲᠡ᠄ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ