ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ᠎ᠤᠨ ᠰᠣᠨᠢᠷᠬᠠᠯᠲᠠᠢ ᠢᠳᠡᠷᠡᠭᠦᠨ ᠠᠯᠬᠤᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-05-06

      106 ᠳ᠋ᠤᠭ᠋ᠠᠷ 《ᠲᠠᠪᠤᠨ ᠰᠠᠷ᠎ᠠ ᠵᠢᠨ ᠲᠦᠷᠪᠡᠨ》᠎ᠤ ᠵᠠᠯᠠᠭᠤᠴᠤᠳ᠎ᠤᠨ ᠪᠠᠶᠠᠷ᠎ᠢ ᠪᠡᠯᠭᠡᠯᠡᠵᠦ᠂ 《ᠲᠠᠪᠤᠨ ᠰᠠᠷ᠎ᠠ ᠵᠢᠨ ᠲᠦᠷᠪᠡᠨ》᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠤᠨ᠂ ᠴᠠᠭᠳᠠᠭ᠋ᠠᠨ᠎ᠤ ᠬᠤᠸᠠᠷᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠴᠢᠩᠭ᠋ᠠᠷᠠᠭᠤᠯᠬᠤ ᠵᠢᠨ ᠲᠥᠯᠥᠭᠡ᠂ 《ᠨᠠᠮ᠎ᠤᠨ ᠪᠠᠢ᠌ᠭᠤᠯᠤᠯᠲᠠ ᠵᠢ ᠠᠳᠬᠤᠬᠤ᠂ ᠬᠡᠪ ᠴᠢᠨᠠᠷ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠳᠦᠷᠢ ᠳᠥᠷᠬᠦ ᠵᠢ ᠪᠣᠢ ᠪᠣᠯᠭ᠋ᠠᠬᠤ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠠᠬᠢᠭᠤᠯᠬᠤ ᠵᠢᠨ ᠲᠥᠯᠥᠭᠡ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠪᠯᠡᠯ᠎ᠤᠨ ᠬᠣᠷᠢᠶ᠎ᠠ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠢᠯᠴᠢᠨ᠎ᠤ ᠡᠪᠯᠡᠯ᠂ ᠴᠠᠭᠳᠠᠭ᠎ᠠ ᠵᠢᠨ ᠨᠡᠶ᠋ᠢᠭᠡᠮᠯᠢᠭ᠂ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠲᠠᠢ ᠬᠠᠮᠲᠤᠷᠠᠨ 2025 ᠣᠨ᠎ᠤ 4 ᠰᠠᠷ᠎ᠠ ᠵᠢᠨ 28᠎ᠤ ᠡᠳᠦᠷ 《ᠲᠠᠪᠤᠨ ᠰᠠᠷ᠎ᠠ ᠵᠢᠨ ᠲᠦᠷᠪᠡᠨ》᠎ᠤ ᠵᠠᠯᠠᠭᠤᠴᠤᠳ᠎ᠤᠨ ᠪᠠᠶᠠᠷ᠎ᠤᠨ ᠢᠳᠡᠷᠡᠭᠦᠨ ᠠᠯᠬᠤᠬᠤ ᠵᠢᠨ ᠠᠵᠢᠯᠯᠠᠭ᠎ᠠ ᠥᠷᠨᠢᠭᠦᠯᠵᠡᠢ᠃ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠦ᠂ ᠪᠦᠬᠦ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠤᠯᠭ᠎ᠠ ᠵᠢᠨ 200 ᠭᠠᠷᠤᠶ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯᠯᠠᠭ᠎ᠠ᠎ᠳᠤ ᠣᠷᠣᠯᠴᠠᠵᠠᠶ᠃

微信图片_20250429175558.jpg


      ᠲᠣᠰ ᠤᠳᠠᠭ᠋ᠠᠨ᠎ᠤ ᠢᠳᠡᠷᠡᠭᠦᠨ ᠠᠯᠬᠤᠬᠤ ᠠᠵᠢᠯᠯᠠᠭ᠎ᠠ᠎ᠨᠢ ᠤᠯᠠᠮᠵᠢᠯᠠᠯᠲᠤ ᠵᠠᠭᠪᠤᠷ᠎ᠢ ᠡᠪᠳᠡᠵᠦ᠂ ᠰᠢᠨ᠎ᠡ ᠵᠢ ᠡᠭᠦᠳᠴᠦ ᠣᠯᠠᠨ ᠡᠰᠢᠲᠦ ᠰᠣᠨᠢᠷᠬᠠᠯᠲᠤ ᠡᠯᠧᠮᠧᠨ᠋ᠲ᠎ᠢ  ᠣᠷᠣᠭᠤᠯᠤᠭᠰᠠᠨ ᠪᠠᠶ᠋ᠢᠨ᠎ᠠ᠃ ᠵᠠᠮ ᠳᠠᠭ᠋ᠠᠤ ᠲᠠᠪᠤᠨ ᠰᠣᠨᠢᠷᠬᠠᠯᠲᠠᠢ 《ᠲᠡᠮᠳᠡᠭᠯᠡᠬᠦ ᠴᠡᠭ》 ᠲᠤᠬᠢᠷᠠᠭᠤᠯᠵᠤ᠂ ᠪᠦᠬᠦ ᠵᠠᠮ᠎ᠨᠢ ᠪᠠᠷᠤᠭ 5.4 ᠺᠢᠯᠣᠮᠧᠲᠷ ᠪᠠᠶ᠋ᠢᠵᠤ᠂ ᠲᠠᠪᠤᠨ ᠰᠠᠷ᠎ᠠ ᠵᠢᠨ ᠳᠦᠷᠪᠡᠨ᠎ᠤ ᠵᠣᠷᠢᠭ ᠰᠠᠨᠠᠭ᠎ᠠ ᠵᠢ ᠪᠡᠯᠭᠡᠳᠡᠪᠡ᠃ ᠱᠦᠭᠯᠦ ᠵᠢᠨ ᠲᠠᠭᠤᠨ᠎ᠢ ᠳᠠᠭ᠋ᠠᠯᠳᠤᠨ ᠰᠣᠨᠢᠷᠬᠠᠯᠲᠠᠢ ᠢᠳᠡᠷᠡᠭᠦᠨ ᠠᠯᠬᠤᠬᠤ ᠬᠥᠳᠡᠯᠭᠡᠭᠡᠨ ᠵᠢᠩᠬᠢᠨᠢ᠎ᠪᠠᠷ ᠡᠬᠢᠯᠡᠪᠡ᠃ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠠᠮ ᠳᠠᠭ᠋ᠠᠤ ᠵᠢᠨ ᠰᠣᠨᠢᠷᠬᠠᠯᠲᠠᠢ 《ᠲᠡᠮᠳᠡᠭᠯᠡᠬᠦ ᠴᠡᠭ》᠎ᠲᠤ ᠡᠯ᠎ᠡ  ᠵᠦᠢ᠍ᠯ᠎ᠤᠨ ᠰᠣᠨᠢᠷᠬᠠᠯᠲᠠᠶ ᠡᠭᠦᠷᠭᠡ ᠵᠢ ᠪᠡᠶᠡᠯᠡᠭᠦᠯᠪᠡᠯ ᠰᠠᠶᠢ ᠲᠡᠮᠳᠡᠭᠯᠡᠬᠦ ᠲᠠᠮᠠᠭ᠎ᠠ ᠵᠢ ᠳᠠᠷᠤᠭᠤᠯᠵᠤ ᠲᠠᠶ᠋ᠢᠯᠤᠨ᠎ᠠ᠃ ᠤᠯᠠᠨ ᠶᠠᠩᠵᠤ ᠵᠢᠨ ᠠᠵᠢᠯᠯᠠᠭ᠎ᠠ ᠵᠢᠨ ᠲᠦᠷᠦᠯ ᠵᠦᠢ᠍ᠯ᠎ᠨᠢ ᠬᠢᠵᠠᠭ᠋ᠠᠯᠠᠰᠢ ᠦᠭᠡᠢ ᠪᠠᠶᠠᠷ ᠪᠠᠶᠠᠰᠤᠯ ᠬᠦᠷ ᠬᠦᠭᠵᠢᠶᠡᠨ᠎ᠢ ᠠᠪᠴᠢᠷᠠᠵᠤ᠂ ᠴᠠᠭ ᠭᠠᠷᠤᠢ ᠵᠢᠨ ᠳᠠᠷᠠᠭ᠎ᠠ᠂ ᠪᠦᠬᠦ ᠬᠥᠮᠦᠰ ᠲᠤᠰ ᠤᠳᠠᠭ᠎ᠠ ᠵᠢᠨ ᠰᠣᠨᠢᠷᠬᠠᠯᠲᠠᠢ ᠢᠳᠡᠷᠡᠭᠦᠨ ᠠᠯᠬᠤᠭ᠎ᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠭᠦᠨ ᠵᠶ᠋ᠡᠷ ᠳᠠᠮᠵᠢᠭᠤᠯᠤᠨ᠂ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠮᠢᠵᠢᠷᠠᠯ᠎ᠤᠨ ᠬᠦᠴᠦᠨ ᠪᠠ ᠢᠳᠡᠪᠬᠢᠲᠡᠢ ᠥᠭᠡᠳᠡᠯᠡᠨ ᠲᠠᠪᠰᠢᠬᠤ ᠰᠠᠢ᠍ᠢ᠍ᠨ ᠰᠠᠶ᠋ᠢᠬᠠᠨ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠬᠠᠷᠠᠭᠤᠯᠵᠠᠢ᠃

微信图片_20250429175609.jpg


      ᠲᠣᠰ ᠤᠳᠠᠭ᠋ᠠᠨ᠎ᠤ ᠢᠳᠡᠷᠡᠭᠦᠨ ᠠᠯᠬᠤᠬᠤ ᠠᠵᠢᠯᠯᠠᠭ᠎ᠠ ᠪᠣᠯ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠷᠢᠰ ᠠᠵᠢᠯᠯᠠᠭ᠎ᠠ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠶᠠᠯᠢᠭ ᠰᠠᠶ᠋ᠢᠬᠠᠨ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠨᠠᠩ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠡᠶ᠎ᠡ ᠮᠠᠬᠠᠪᠣᠳ ᠵᠶ᠋ᠠᠨ ᠳᠠᠪᠲᠠᠨ  ᠴᠢᠭᠢᠷᠠᠭᠵᠢᠭᠤᠯᠤᠨ᠂ ᠨᠠᠩ ᠴᠣᠭ ᠪᠠᠳᠠᠷᠠᠩᠭᠤᠶ ᠳᠦᠷᠢ ᠲᠥᠷᠬᠦ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ ᠳᠠᠶ᠋ᠢᠴᠢᠯᠠᠬᠤ ᠵᠣᠷᠢᠯᠭ᠎ᠠ᠎ᠲᠠᠢ ᠶᠤᠮ᠃ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠠᠵᠢᠯᠯᠠᠭ᠎ᠠ᠎ᠳᠤ ᠣᠷᠣᠯᠴᠠᠭᠰᠠᠨ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠂ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠦᠰᠡᠯᠡᠩ᠎ᠲᠠᠢ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠵᠢ ᠠᠮᠰᠠᠵᠤ ᠴᠢᠳᠠᠬᠤ᠂ ᠴᠢᠷᠮᠠᠶ᠋ᠢᠨ ᠲᠡᠮᠡᠴᠡᠬᠦ ᠰᠢᠨ᠎ᠡ ᠴᠠᠭ ᠦᠶ᠎ᠡ ᠵᠢᠨ ᠰᠠᠶ᠋ᠢᠨ ᠵᠠᠯᠠᠭᠤᠴᠤᠳ ᠪᠣᠯᠬᠤ᠎ᠪᠠᠷ ᠵᠣᠷᠢᠭ ᠰᠢᠭᠤᠳᠤᠨ᠎ᠠ ᠭᠡᠵᠦ ᠢᠯᠡᠳᠬᠡᠵᠡᠭᠡᠪᠡ᠃

微信图片_20250429175658.jpg


      ᠲᠣᠰ ᠤᠳᠠᠭ᠋ᠠᠨ᠎ᠤ ᠰᠣᠨᠢᠷᠬᠠᠯᠲᠠᠶ ᠢᠳᠡᠷᠡᠭᠦᠨ ᠠᠯᠬᠤᠬᠤ ᠠᠵᠢᠯᠯᠠᠭ᠎ᠠ ᠪᠣᠯ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠪᠯᠡᠯ᠎ᠤᠨ ᠬᠣᠷᠢᠶ᠎ᠠ ᠵᠢᠨ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠬᠠᠯᠠᠮᠵᠢᠯᠠᠨ ᠬᠠᠶ᠋ᠢᠷᠠᠯᠠᠬᠤ ᠠᠵᠢᠯ᠎ᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ᠎ᠨᠢ ᠠᠵᠢᠯ᠎ᠤᠨ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠦᠭᠰᠡᠨ ᠮᠥᠷᠲᠡᠭᠡᠨ ᠡᠩᠨᠡᠭᠡ ᠵᠢᠨ ᠲᠥᠪᠯᠡᠩᠭᠦᠶ ᠬᠦᠴᠦᠨ ᠪᠠ ᠳᠠᠶ᠋ᠢᠴᠢᠨ ᠬᠦᠴᠦᠨ᠎ᠢ ᠨᠡᠮᠡᠭᠳᠡᠭᠦᠯᠦᠭᠰᠡᠨ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠪᠯᠡᠯ᠎ᠤᠨ ᠬᠣᠷᠢᠶ᠎ᠠ ᠠᠵᠢᠯᠯᠠᠭ᠎ᠠ ᠵᠢᠨ ᠬᠡᠯᠪᠡᠷᠢ᠎ᠪᠠᠨ ᠦᠷᠭᠦᠯᠵᠢᠯᠡᠨ ᠰᠢᠨᠡᠴᠢᠯᠡᠵᠦ᠂ ᠵᠠᠯᠠᠭᠤᠴᠤᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠨᠡᠩ ᠤᠯᠠᠨ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠨᠡᠮᠡᠷᠢᠯᠡᠨ᠎ᠡ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ