ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠤᠷᠭ᠋ᠠᠭᠤᠯᠢ ᠵᠢᠨ ᠬᠦᠷᠢᠶᠡᠨ᠎ᠤ ᠠᠮᠤᠷ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2025-04-14

     ᠤᠯᠠᠭ᠋ᠠᠨᠬᠠᠳᠠ ᠬᠤᠲᠠ ᠵᠢᠨ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠯ᠎ᠡ ᠲᠣᠮᠢᠯᠠᠭᠰᠠᠨ ᠰᠠᠯᠪᠤᠷᠢ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠤᠷᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ᠂ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠵᠡᠷᠭᠡ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠪᠠᠭᠰᠢ ᠰᠤᠷᠤᠭᠴᠢᠳ᠎ᠤᠨ ᠠᠮᠤᠷ ᠲᠦᠪᠰᠢᠨ ᠵᠶ᠋ᠠᠷ ᠰᠤᠷᠭ᠋ᠠᠭᠤᠯᠢ᠎ᠳᠤ᠎ᠪᠠᠨ ᠢᠷᠡᠵᠦ ᠶᠠᠪᠤᠬᠤ ᠵᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠪᠠ᠃
微信图片_20250225165957.jpg 

  

微信图片_20250225170012.jpg


     ᠠᠵᠢᠯ᠎ᠤᠨ ᠳᠤᠮᠳᠠ᠂ ᠠᠷᠠᠳ᠎ᠤᠨ ᠴᠠᠭᠳᠠᠭ᠎ᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ 《ᠳᠥᠷᠪᠡᠨ 100%》 ᠵᠢᠨ ᠱᠠᠭ᠋ᠠᠷᠳᠠᠯᠭ᠎ᠠ ᠵᠢᠨ ᠲᠣᠭᠤᠷᠢᠨ᠎ᠳᠤ᠂ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠳᠣᠭᠢᠷᠠᠭᠤᠯᠬᠤ᠂ ᠬᠢᠨᠠᠨ ᠡᠵᠡᠮᠳᠡᠭᠦᠷ᠎ᠤᠨ ᠠᠵᠢᠯᠯᠠᠬᠤ᠂ ᠨᠢᠭᠡ ᠳᠠᠷᠤᠪᠴᠢ᠎ᠪᠠᠷ ᠲᠦᠭᠰᠢᠭᠦᠷᠢ ᠮᠡᠳᠡᠭᠡᠯᠡᠬᠦ ᠲᠣᠨᠣᠭᠯᠠᠯ᠂ ᠬᠦᠴᠦᠷᠬᠡᠭᠯᠡᠯ᠎ᠢ ᠰᠡᠷᠭᠡᠶ᠋ᠢᠯᠡᠬᠦ ᠪᠠᠭ᠋ᠠᠵᠢ ᠬᠡᠷᠡᠭᠰᠡᠯ᠎ᠢ ᠬᠡᠷᠡᠭᠯᠡᠬᠦ ᠵᠢᠴᠢ ᠢᠳᠡᠭᠡᠨ ᠤᠮᠳᠠᠭ᠋ᠠᠨ᠎ᠤ ᠠᠮᠤᠷ ᠲᠦᠪᠰᠢᠨ ᠵᠡᠷᠭᠡ ᠪᠠᠶ᠋ᠢᠳᠠᠯ᠎ᠳᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠵᠦ᠂ ᠢᠯᠡᠷᠡᠭᠦᠯᠦᠭᠰᠡᠨ ᠨᠡᠶ᠋ᠢᠲᠡᠯᠢᠭ ᠴᠢᠨᠠᠷᠲᠠᠶ ᠠᠰᠠᠭᠤᠳᠠᠯ᠎ᠳᠤ ᠴᠢᠭᠯᠡᠭᠦᠯᠦᠨ᠂ 《ᠨᠢᠭᠡ ᠰᠤᠷᠭ᠋ᠠᠭᠤᠯᠢ ᠨᠢᠭᠡ ᠲᠠᠩᠰᠠ ᠡᠪᠬᠡᠮᠡᠯ》᠎ᠤᠨ ᠴᠡᠭᠴᠡᠯᠡᠨ ᠰᠠᠶ᠋ᠢᠵᠢᠷᠠᠭᠤᠯᠬᠤ ᠡᠬᠡ ᠲᠠᠩᠰᠠ ᠪᠠᠶ᠋ᠢᠭᠤᠯᠵᠤ᠂ ᠳᠠᠯᠳᠠ ᠬᠡᠮ᠎ᠢ ᠬᠥᠳᠡᠯᠦᠩᠭᠦᠶ᠎ᠪᠠᠷ ᠦᠭᠡᠶ᠋ᠢᠰᠬᠡᠬᠦ ᠵᠢ ᠦᠨᠡᠨ ᠬᠦ᠌ ᠪᠠᠲᠤᠯᠠᠪᠠ᠃ ᠡᠭᠦᠨ᠎ᠤ ᠬᠠᠮᠲᠤ᠂ ᠰᠤᠷᠭ᠋ᠠᠭᠤᠯᠢ ᠵᠢᠨ ᠲᠤᠭᠤᠷᠢᠨ᠎ᠤ ᠬᠤᠳᠠᠯᠳᠤᠭ᠋ᠠᠨ᠎ᠤ ᠳᠡᠯᠭᠡᠭᠦᠷ᠎ᠤᠨ ᠭᠠᠯ ᠤᠨᠲᠠᠷᠠᠭ᠋ᠠᠬᠤ ᠲᠥᠬᠦᠭᠡᠷᠦᠮᠵᠢ᠂ ᠠᠶᠤᠯ ᠦᠭᠡᠢ ᠵᠠᠮ ᠵᠡᠷᠭᠡ᠎ᠳᠤ ᠪᠠᠶ᠋ᠢᠴᠠᠭ᠋ᠠᠯᠲᠠ ᠬᠢᠵᠦ᠂ ᠬᠤᠳᠠᠯᠳᠤᠭ᠋ᠠᠴᠢᠳ᠎ᠢ ᠰᠢᠮᠳᠠᠭᠤᠯᠵᠤ ᠪᠠᠶ᠋ᠢᠭ᠋ᠠᠳ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠡᠵᠡᠩᠨᠡᠯᠲᠡ ᠵᠢᠨ ᠲᠠᠯᠠᠪᠤᠷ᠎ᠤᠨ ᠠᠮᠤᠷ ᠲᠦᠪᠰᠢᠨ᠎ᠤ ᠲᠣᠮᠢᠯᠠᠭᠰᠠᠨ ᠰᠠᠯᠪᠤᠷᠢ ᠬᠢᠭᠡᠳ 《ᠤᠯᠠᠭ᠋ᠠᠨ ᠬᠠᠨᠴᠤᠢ᠌ᠲᠠᠨ》᠎ᠤ ᠬᠠᠮᠲᠤᠷᠠᠨ ᠰᠡᠷᠭᠡᠶ᠋ᠢᠯᠡᠬᠦ ᠠᠩᠭᠢ᠎ᠯᠤᠭ᠎ᠠ ᠨᠢᠭᠲᠠ ᠬᠠᠮᠵᠢᠯᠴᠠᠬᠤ ᠵᠢ ᠦᠨᠡᠨ ᠬᠦ᠌ ᠪᠠᠲᠤᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠵᠠᠭᠤᠷᠠᠯᠳᠤᠭ᠋ᠠᠨ᠎ᠢ ᠥᠨᠳᠥᠷ ᠪᠦᠲᠦᠮᠵᠢᠲᠡᠶ᠎ᠪᠠᠷ ᠡᠶᠡᠳᠡᠭᠦᠯᠦᠨ᠂ ᠵᠥᠷᠢᠴᠡᠯ ᠮᠥᠷᠭᠦᠯᠳᠦᠭᠡᠨ᠎ᠢ ᠴᠠᠭ ᠲᠤᠬᠠᠶ᠎ᠳᠤ᠎ᠨᠢ ᠦᠭᠡᠢ᠌ᠰᠭᠡᠵᠦ᠂ ᠰᠤᠷᠭ᠋ᠠᠭᠤᠯᠢ ᠵᠢᠨ ᠬᠦᠷᠢᠶᠡᠨ᠎ᠤ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ