ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠮᠤᠷ᠎ᠢ ᠬᠠᠮᠠᠭ᠋ᠠᠯᠠᠬᠤ ᠪᠤᠳᠤᠯᠢᠶᠠᠨᠲᠠᠶ ᠣᠷᠣᠨ ᠲᠤᠭᠤᠷᠢᠭ᠎ᠲᠤ ᠲᠥᠪᠯᠡᠷᠡᠭᠦᠯᠦᠨ ᠴᠡᠭᠴᠡᠯᠡᠨ ᠵᠠᠰᠠᠬᠤ ᠨᠢᠭᠡᠳᠦᠯᠲᠡᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2025-04-14

    1 ᠰᠠᠷ᠎ᠠ ᠵᠢᠨ 26᠎ᠠᠴᠠ 27᠎ᠤ ᠡᠳᠦᠷ ᠪᠣᠯᠲᠠᠯ᠎ᠠ᠂ ᠬᠢᠩᠭ᠋ᠠᠨ ᠠᠶ᠋ᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠮᠤᠷ᠎ᠢ ᠬᠠᠮᠠᠭ᠋ᠠᠯᠠᠬᠤ ᠨᠠᠷᠢᠨ ᠪᠤᠳᠤᠯᠢᠶᠠᠨᠲᠠᠢ ᠣᠷᠣᠨ ᠲᠤᠭᠤᠷᠢᠭ᠎ᠲᠤ ᠲᠥᠪᠯᠡᠷᠡᠭᠦᠯᠦᠨ ᠴᠡᠭᠴᠡᠯᠡᠨ ᠵᠠᠰᠠᠬᠤ ᠨᠢᠭᠡᠳᠦᠯᠲᠡᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃
4.jpg   


6.jpg


     ᠬᠠᠷᠢᠶ᠎ᠠ ᠣᠷᠣᠨ᠎ᠤ ᠠᠮᠤᠷ᠎ᠢ ᠬᠠᠮᠠᠭ᠋ᠠᠯᠠᠬᠤ ᠣᠨᠴᠠᠯᠢᠭ᠎ᠲᠤ ᠴᠢᠭᠯᠡᠭᠦᠯᠦᠨ᠂ ᠭᠤᠤᠯᠳᠠᠯᠭ᠎ᠠ᠎ᠲᠠᠢ ᠣᠷᠣᠨ ᠪᠠᠶ᠋ᠢᠷᠢ᠎ᠳᠤ ᠲᠣᠭᠲᠠᠭᠰᠠᠨ ᠴᠡᠭ᠎ᠲᠤ ᠵᠢᠵᠢᠭᠦᠷᠯᠡᠬᠦ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠣᠰᠤᠭ᠎ᠠ ᠴᠣᠭᠴᠠ᠎ᠪᠠᠷ ᠲᠣᠭᠤᠷᠢᠨ ᠰᠡᠷᠭᠡᠶ᠋ᠢᠯᠡᠬᠦ ᠵᠢ ᠴᠢᠩᠭ᠋ᠠᠳᠬᠠᠵᠤ᠂ ᠬᠤᠳᠠᠯᠳᠤᠭ᠋ᠠᠨ᠎ᠤ ᠬᠡᠲᠦ ᠳᠡᠯᠭᠡᠭᠦᠷ᠂ ᠠᠭᠤᠳᠠᠮ ᠲᠠᠯᠠᠪᠠᠶ᠂ ᠭᠠᠯᠲᠤ ᠲᠡᠷᠭᠡᠨ᠎ᠤ ᠥᠷᠲᠡᠭᠡ᠂ ᠮᠠᠰᠢᠨ ᠲᠡᠷᠭᠡᠨ᠎ᠤ ᠥᠷᠲᠡᠭᠡ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠵᠢᠴᠢ ᠨᠠᠮ ᠵᠠᠰᠠᠭ᠎ᠤᠨ ᠪᠠᠶ᠋ᠢᠭᠤᠯᠭ᠎ᠠ᠂

《ᠤᠰᠤ ᠴᠠᠬᠢᠯᠭ᠋ᠠᠨ ᠲᠣᠰᠣ ᠬᠡᠢ ᠢᠯᠴᠢ ᠵᠢᠨ ᠺᠤᠮᠫᠠᠨᠢ》 ᠵᠡᠷᠭᠡ ᠭᠤᠤᠯᠳᠠᠯᠭ᠎ᠠ᠎ᠲᠠᠢ ᠭᠠᠵᠠᠷ᠎ᠢ ᠲᠣᠭᠤᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ 《ᠲᠡᠷᠭᠡ ᠶᠠᠪᠠᠭ᠋ᠠᠨ ᠬᠢᠨᠠᠨ ᠡᠵᠡᠮᠳᠡᠭᠦᠷ ᠵᠶ᠋ᠡᠷ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠬᠤ》 ᠠᠷᠭ᠎ᠠ ᠮᠠᠶᠢᠭ ᠵᠶ᠋ᠠᠷ ᠬᠠᠮᠤᠭ᠎ᠤᠨ ᠶᠡᠭᠡ ᠬᠡᠮᠵᠢᠶ᠎ᠡ᠎ᠪᠠᠷ ᠠᠶ᠋ᠢᠯ ᠲᠣᠰᠬᠤᠨ ᠵᠶ᠋ᠡᠷ ᠲᠠᠷᠬᠠᠭ᠋ᠠᠨ᠂ ᠲᠦᠷᠭᠡᠨ ᠲᠤᠰᠬᠠᠯ ᠭᠠᠷᠭ᠋ᠠᠵᠤ᠂ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠵᠦ᠂ 《ᠴᠠᠭᠳᠠᠭ᠎ᠠ ᠵᠢ ᠣᠯᠵᠤ ᠦᠵᠡᠬᠦ᠂ ᠴᠠᠭᠳᠠᠭ᠋ᠠᠨ᠎ᠤ ᠲᠡᠷᠭᠡ ᠵᠢ ᠣᠯᠵᠤ ᠬᠠᠷᠠᠬᠤ᠂ ᠴᠠᠭᠳᠠᠭ᠋ᠠᠨ᠎ᠤ ᠳ᠋ᠧᠩ᠎ᠢ ᠣᠯᠵᠤ ᠦᠵᠡᠬᠦ》 ᠵᠢ ᠦᠨᠡᠨ ᠬᠦ᠌ ᠪᠠᠲᠤᠯᠠᠵᠤ᠂ ᠬᠡᠷᠡᠭ ᠬᠠᠮᠢᠶᠠᠷᠬᠤ ᠨᠣᠷᠮ᠎ᠠ ᠪᠠ ᠰᠦᠷᠳᠡᠭᠦᠯᠬᠦ ᠬᠦᠴᠦᠨ᠎ᠢ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ᠎ᠳᠤ ᠠᠮᠤᠷ ᠲᠦᠪᠰᠢᠨ ᠳᠡᠷᠭᠡᠳᠡ᠎ᠨᠢ ᠪᠠᠶ᠋ᠢᠬᠤ ᠵᠢ ᠦᠨᠡᠨ ᠬᠦ᠌ ᠮᠡᠳᠡᠷᠡᠭᠦᠯᠪᠡ᠃
    
     

 

ᠢᠷᠡᠯᠲᠡ᠄ ᠬᠢᠩᠭ᠋ᠠᠨ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ