ᠤᠯᠠᠭ᠋ᠠᠨᠬᠠᠳᠠ ᠬᠤᠲᠠ ᠵᠢᠨ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠪᠦᠯ᠎ᠤᠨ ᠤᠯᠠᠷᠢᠯ᠎ᠤᠨ ᠨᠡᠶ᠋ᠢᠭᠡᠮ᠎ᠤᠨ ᠠᠮᠤᠷ ᠲᠦᠪᠰᠢᠨ᠎ᠤ ᠲᠣᠭᠤᠷᠢᠨ ᠰᠡᠷᠭᠡᠶ᠋ᠢᠯᠡᠬᠦ ᠬᠤᠶᠠᠳᠤᠭ᠋ᠠᠷ ᠤᠳᠠᠭ᠋ᠠᠨ᠎ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢ ᠥᠷᠭᠦᠯᠵᠢᠯᠡᠨ ᠥᠷᠨᠢᠭᠦᠯᠵᠦ ᠪᠤᠢ᠃ ᠰᠢᠨ᠎ᠡ ᠵᠢᠯ᠎ᠤᠨ ᠰᠢᠨ᠎ᠡ ᠵᠢᠨ ᠨᠢᠭᠡᠨ᠎ᠤ ᠬᠤᠭᠤᠴᠠᠭ᠋ᠠᠨ᠎ᠳᠤ᠂ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠦᠴᠦᠨ᠎ᠢ 602 ᠬᠥᠮᠦᠨ ᠤᠳᠠᠭ᠎ᠠ᠂ 164 ᠲᠡᠷᠭᠡ ᠬᠥᠰᠬᠡ ᠵᠢ ᠬᠦᠳᠡᠯᠭᠡᠨ᠂ ᠵᠠᠮ ᠬᠠᠷᠢᠯᠴᠠᠭ᠋ᠠᠨ᠎ᠤ ᠪᠠᠶ᠋ᠢᠴᠠᠭ᠋ᠠᠨ ᠡᠵᠡᠮᠳᠡᠬᠦ ᠴᠡᠭ 15 ᠲᠣᠬᠢᠷᠠᠭᠤᠯᠵᠤ᠂ ᠰᠡᠵᠢᠭᠯᠡᠯᠲᠡᠶ ᠬᠥᠮᠦᠰ᠎ᠢ 1360 ᠬᠥᠮᠦᠨ ᠤᠳᠠᠭ᠎ᠠ᠂ ᠭᠤᠤᠯᠳᠠᠯᠭ᠎ᠠ᠎ᠲᠠᠢ ᠭᠠᠵᠠᠷ 35᠂ ᠭᠤᠤᠯᠳᠠᠯᠭ᠎ᠠ᠎ᠲᠠᠢ ᠲᠠᠯᠠᠪᠤᠷ 85᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 300 ᠭᠠᠷᠤᠶ ᠪᠠᠶ᠋ᠢᠴᠠᠭ᠋ᠠᠨ ᠰᠢᠢ᠍ᠳᠪᠦᠷᠢᠯᠡᠵᠦ᠂ 《ᠱᠠᠯᠢᠭ ᠵᠠᠪᠬᠠᠶ ᠵᠤᠭᠤᠰ ᠮᠦᠷᠦᠢ᠌ᠴᠡᠬᠦ》 ᠲᠥᠷᠥᠯ᠎ᠤᠨ ᠬᠡᠷᠡᠭ᠎ᠢ 4 ᠪᠠᠶ᠋ᠢᠴᠠᠭ᠋ᠠᠨ ᠰᠢᠢ᠍ᠳᠪᠦᠷᠢᠯᠡᠪᠡ᠃

ᠰᠢᠨ᠎ᠡ ᠨᠢᠭᠡᠨ ᠵᠢᠯ᠎ᠳᠤ᠂ ᠠᠮᠤᠷ ᠲᠦᠪᠰᠢᠨ᠎ᠤ ᠬᠠᠭᠤᠳᠠᠰᠤ ᠵᠢ ᠦᠷᠭᠦᠯᠵᠢᠯᠡᠨ ᠪᠢᠴᠢᠭᠯᠡᠨ᠂ ᠰᠠᠬᠢᠨ ᠬᠠᠮᠠᠭ᠋ᠠᠯᠠᠬᠤ ᠠᠯᠬᠤᠭ᠎ᠠ ᠶᠡᠷᠦ᠎ᠠᠴᠠ ᠵᠣᠭᠰᠣᠭᠰᠠᠨ ᠦᠭᠡᠢ᠃ ᠨᠢᠩᠴᠧᠩ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠡᠶ᠋ᠢᠭᠡᠮ᠎ᠤᠨ ᠠᠮᠤᠷ ᠲᠦᠪᠰᠢᠨ᠎ᠤ ᠲᠣᠭᠤᠷᠢᠨ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠴᠢᠩᠭ᠋ᠠᠳᠬᠠᠵᠤ᠂
《ᠡᠪᠦᠯ᠎ᠤᠨ ᠤᠯᠠᠷᠢᠯ᠎ᠤᠨ ᠠᠵᠢᠯᠯᠠᠭ᠎ᠠ》 ᠵᠢ ᠭᠦᠨᠵᠡᠭᠡᠶ ᠠᠬᠢᠭᠤᠯᠵᠤ᠂ ᠰᠢᠨ᠎ᠡ ᠭᠠᠷᠤᠭ᠎ᠠ ᠳᠡᠭᠡᠷ᠎ᠡ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠨᠢᠩᠴᠧᠩᠢ ᠪᠥᠲᠥᠭᠡᠨ ᠪᠠᠶ᠋ᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ ᠲᠦᠮᠡᠨ᠎ᠤ ᠲᠥᠯᠥᠭᠡ ᠭᠡᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠦᠨ᠎ᠡ᠃