ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ᠎ᠢ ᠬᠠᠮᠠᠭ᠋ᠠᠯᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-06-18

      《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ 《ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ》 ᠠᠵᠢᠯ᠎ᠤᠨ ᠭᠤᠣᠯ ᠱᠤᠭᠤᠮ᠎ᠢ ᠪᠠᠷᠢᠮᠲᠠᠯᠠᠵᠤ᠂ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠦᠷᠭᠦᠯᠵᠢᠯᠡᠨ ᠲᠡᠮᠡᠴᠡᠵᠦ᠂ ᠡᠭᠦᠷᠭᠡ ᠲᠤᠰᠢᠶᠠᠯ ᠵᠶ᠋ᠠᠨ ᠦᠨᠡᠨᠴᠢ᠎ᠪᠠᠷ ᠭᠦᠢ᠍ᠴᠡᠳᠬᠡᠵᠦ᠂ ᠪᠦᠬᠦ ᠬᠦᠴᠦᠨ ᠵᠶ᠋ᠠᠷ ᠵᠶ᠋ᠠᠨ ᠰᠢᠷᠢᠰ ᠠᠵᠢᠯᠯᠠᠭ᠎ᠠ ᠵᠢᠨ ᠠᠮᠤᠷ᠎ᠢ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠡᠯ᠎ᠡ ᠵᠦᠢ᠍ᠯ᠎ᠤᠨ ᠠᠵᠢᠯᠯᠠᠭ᠎ᠠ ᠵᠢᠨ ᠠᠮᠤᠷ ᠲᠦᠪᠰᠢᠨ ᠡᠮᠬᠢ ᠳᠢᠭᠯᠢᠮ᠎ᠲᠠᠢ ᠶᠠᠪᠤᠭᠳᠠᠬᠤ ᠵᠢ ᠪᠠᠲᠤᠯᠠᠵᠤ᠂ ᠥᠷᠭᠡᠨ ᠤᠯᠠᠨ ᠬᠤᠳᠠ ᠵᠢᠨ ᠠᠷᠠᠳ ᠪᠣᠯᠤᠨ ᠵᠤᠭ᠋ᠠᠴᠠᠭᠰᠠᠳ᠎ᠲᠤ ᠠᠮᠤᠷ ᠲᠦᠪᠰᠢᠨ ᠲᠣᠭᠲᠠᠭᠤᠨ ᠨᠡᠶ᠋ᠢᠭᠡᠮ᠎ᠤᠨ ᠣᠷᠴᠢᠨ ᠲᠣᠭᠤᠷᠢᠨ᠎ᠢ ᠪᠤᠢ ᠪᠣᠯᠭ᠋ᠠᠵᠤ ᠥᠭᠴᠡᠢ᠃

微信图片_20250611165143.jpg


      ᠠᠵᠢᠯᠯᠠᠭ᠎ᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠪᠥᠬᠦ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠳᠦᠷ ᠪᠦᠷᠢ ᠴᠠᠭᠳᠠᠨ ᠪᠠᠶ᠋ᠢᠴᠠᠭ᠋ᠠᠬᠤ ᠴᠠᠭᠳᠠᠭ᠋ᠠᠨ᠎ᠤ ᠬᠦᠴᠦᠨ᠎ᠢ 800 ᠭᠠᠷᠤᠶ ᠬᠥᠮᠦᠨ ᠤᠳᠠᠭ᠎ᠠ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠬᠦᠴᠦᠨ᠎ᠢ 300 ᠭᠠᠷᠤᠶ ᠬᠥᠮᠦᠨ ᠤᠳᠠᠭ᠎ᠠ ᠣᠷᠣᠭᠤᠯᠵᠤ᠂ ᠠᠵᠢᠯᠯᠠᠭ᠎ᠠ ᠵᠢᠨ ᠲᠤᠬᠠᠶ ᠵᠢᠨ ᠲᠠᠯᠠᠪᠠᠶ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠠᠮ ᠬᠠᠷᠢᠯᠴᠠᠭ᠋ᠠᠨ᠎ᠤ ᠬᠦᠢ᠍ᠰᠦ ᠵᠡᠷᠭᠡ᠎ᠳᠤ ᠠᠮᠤᠷ᠎ᠢ ᠬᠠᠮᠠᠭ᠋ᠠᠯᠠᠬᠤ ᠴᠠᠭᠳᠠᠨ ᠪᠠᠶ᠋ᠢᠴᠠᠭ᠋ᠠᠬᠤ ᠪᠠ ᠵᠠᠮ ᠬᠠᠷᠢᠯᠴᠠᠭ᠎ᠠ ᠵᠢ ᠰᠠᠭ᠋ᠠᠳ ᠦᠭᠡᠢ ᠨᠡᠪᠲᠡᠷᠡᠬᠦ ᠠᠵᠢᠯ᠎ᠢ ᠪᠥᠬᠦ ᠲᠠᠯ᠎ᠠ᠎ᠪᠠᠷ ᠥᠷᠨᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠡᠳᠦᠷ ᠪᠦᠷᠢ ᠳᠤᠮᠳᠠᠴᠢ᠎ᠪᠠᠷ 17 ᠵᠢᠵᠢᠭᠦᠷᠯᠡᠬᠦ ᠴᠡᠭ ᠭᠠᠷᠭ᠋ᠠᠵᠤ᠂ ᠠᠵᠢᠯ᠎ᠤᠨ ᠪᠠᠶ᠋ᠢᠷᠢ ᠲᠣᠭᠲᠠᠭ᠋ᠠᠵᠤ᠂ ᠬᠥᠮᠦᠨ ᠲᠣᠭᠲᠠᠭ᠋ᠠᠵᠤ᠂ ᠬᠠᠷᠢᠭᠤᠴᠠᠯᠭ᠎ᠠ ᠲᠣᠭᠲᠠᠭ᠋ᠠᠵᠤ᠂ ᠲᠤᠬᠠᠢ ᠵᠢᠨ ᠲᠠᠯᠠᠪᠠᠢ ᠵᠢᠨ ᠡᠮᠬᠢ ᠳᠢᠭᠯᠢᠮ᠎ᠲᠠᠢ ᠪᠠᠶ᠋ᠢᠬᠤ ᠵᠢ ᠪᠠᠲᠤᠯᠠᠪᠠ᠃ 《5.1》᠎ᠤ ᠬᠤᠭᠤᠴᠠᠭ᠋ᠠᠨ᠎ᠳᠤ᠂ ᠪᠥᠬᠦ ᠬᠤᠲᠠ ᠵᠢᠨ ᠡᠷᠡᠭᠦᠦ ᠵᠢᠨ ᠬᠡᠷᠡᠭ᠂ ᠠᠮᠤᠷ᠎ᠢ ᠬᠠᠮᠠᠭ᠋ᠠᠯᠠᠬᠤ ᠴᠠᠭᠳᠠᠭ᠎ᠠ ᠵᠢᠨ ᠪᠠᠶ᠋ᠢᠳᠠᠯ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ 19%᠂ 43.5 %᠎ᠪᠠᠷ ᠪᠠᠭᠤᠷᠠᠵᠤ᠂ ᠪᠥᠬᠦ ᠬᠤᠲᠠ ᠵᠢᠨ ᠪᠦᠬᠦᠯᠢ ᠴᠣᠭᠴᠠ ᠵᠢᠨ ᠠᠮᠤᠷ ᠲᠦᠪᠰᠢᠨ᠎ᠤ ᠣᠷᠴᠢᠨ ᠨᠥᠬᠦᠴᠡᠯ ᠦᠷᠭᠦᠯᠵᠢᠯᠡᠨ ᠰᠠᠶ᠋ᠢᠵᠢᠷᠠᠪᠠ᠃

微信图片_20250611165202.jpg


      《ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠭᠴᠢ ᠠᠷᠠᠳ ᠲᠦᠮᠡᠨ᠎ᠤ ᠲᠥᠯᠥᠭᠡ》 ᠵᠣᠷᠢᠯᠲᠠ ᠵᠢ ᠢᠮᠠᠭᠲᠠ ᠪᠠᠷᠢᠮᠲᠠᠯᠠᠵᠤ᠂ ᠠᠵᠢᠯᠯᠠᠭ᠎ᠠ ᠵᠢᠨ ᠲᠤᠬᠠᠶ ᠵᠢᠨ ᠲᠠᠯᠠᠪᠠᠶ ᠪᠠ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ 13 ᠴᠡᠭ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠴᠡᠭ 20 ᠳᠣᠭᠢᠷᠠᠭᠤᠯᠵᠤ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠪᠠ ᠦᠨ᠎ᠡ ᠲᠥᠯᠥᠪᠦᠷᠢ ᠥᠬᠡᠶ᠎ᠪᠠᠷ ᠤᠤᠭᠤᠬᠤ ᠤᠰᠤ᠂ ᠲᠦᠷᠭᠡᠨ ᠠᠪᠤᠷᠠᠯᠳᠠ ᠵᠢᠨ ᠡᠮ᠎ᠤᠨ ᠵᠦᠢ᠍ᠯ᠂ ᠠᠰᠠᠭᠤᠨ ᠯᠠᠪᠯᠠᠬᠤ ᠲᠤᠰᠠᠯᠠᠮᠵᠢ ᠭᠤᠶᠤᠴᠢᠯᠠᠬᠤ ᠵᠡᠷᠭᠡ ᠦᠢ᠍ᠯᠡᠴᠢᠯᠡᠭᠡ ᠵᠢ ᠢᠳᠡᠪᠬᠢᠲᠡᠶ ᠥᠷᠨᠢᠭᠦᠯᠵᠦ᠂ ᠤᠬᠠᠭᠤᠯᠭ᠎ᠠ ᠵᠢᠨ ᠮᠠᠲ᠋ᠧᠷᠢᠶᠠᠯ᠎ᠢ ᠨᠡᠶ᠋ᠢᠲᠡ 4000 ᠭᠠᠷᠤᠶ ᠬᠤᠪᠢ ᠲᠠᠷᠬᠠᠭ᠋ᠠᠵᠤ᠂ ᠣᠯᠠᠨ ᠲᠦᠮᠡᠨ᠎ᠤ ᠯᠠᠪᠯᠠᠯᠲᠠ ᠵᠢ 537 ᠬᠥᠮᠦᠨ ᠤᠳᠠᠭ᠎ᠠ ᠭᠥᠯᠢᠶᠡᠨ ᠠᠪᠴᠤ᠂ ᠬᠤᠲᠠ ᠵᠢᠨ ᠠᠷᠠᠳ ᠪᠠ ᠵᠤᠭ᠋ᠠᠴᠠᠭᠰᠠᠳ᠎ᠢ 300 ᠭᠠᠷᠤᠶ ᠬᠥᠮᠦᠨ ᠤᠳᠠᠭ᠎ᠠ ᠬᠠᠪᠰᠤᠷᠪᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ