ᠣᠶ᠋ᠢᠷ᠎ᠠ᠎ᠳᠤ᠂ ᠲᠠᠢ ᠲᠡᠷᠭᠡ ᠬᠥᠰᠬᠡ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠳᠠᠯᠳᠠ ᠬᠡᠮ᠎ᠢ ᠦᠨᠡᠨ ᠬᠦ᠌ ᠂ ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠬᠤᠰᠢᠭᠤᠨ᠎ᠤ ᠵᠠᠮ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠎ᠲᠠᠢ ᠬᠤᠯᠪᠣᠭ᠋ᠠᠯᠠᠨ ᠪᠥᠬᠦ ᠬᠤᠰᠢᠭᠤᠨ᠎ᠤ ᠬᠡᠪᠴᠢᠶᠡᠨ᠎ᠳᠤ 《ᠬᠤᠶᠠᠷ ᠠᠶᠠᠨᠴᠢᠳ ᠨᠢᠭᠡ ᠠᠶᠤᠯᠲᠠᠶ ᠨᠢᠭᠡ ᠪᠠᠷᠠᠭ᠎ᠠ ᠨᠢᠭᠡ ᠮᠢᠶᠠᠨᠪᠣᠤ》 ᠵᠢᠭᠤᠯᠴᠢᠯᠠᠯ᠎ᠤᠨ ᠠᠶᠠᠨᠴᠢᠳ᠎ᠤᠨ ᠲᠡᠷᠭᠡ᠂ ᠵᠠᠰᠠᠮᠠᠯ ᠵᠠᠮ᠎ᠤᠨ ᠠᠶᠠᠨᠴᠢᠳ᠎ᠤᠨ ᠲᠡᠷᠭᠡ᠂ ᠠᠶᠤᠯᠲᠠᠶ ᠪᠠᠷᠠᠭ᠎ᠠ ᠲᠡᠭᠡᠭᠡᠪᠦᠷᠢᠯᠡᠬᠦ ᠲᠡᠷᠭᠡ᠂ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠵᠢᠴᠢ ᠬᠥᠳᠡᠭᠡ ᠲᠣᠰᠬᠤᠨ᠎ᠤ ᠮᠢᠶᠠᠨᠪᠣᠤ ᠲᠡᠷᠭᠡ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠵᠢᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠵᠠᠮ ᠬᠠᠷᠢᠯᠴᠠᠭ᠋ᠠᠨ᠎ᠤ ᠤᠷᠤᠰᠬᠠᠯ᠎ᠤᠨ ᠬᠡᠮᠵᠢᠶ᠎ᠡ ᠨᠡᠮᠡᠭᠳᠡᠵᠦ᠂ ᠭᠤᠤᠯᠳᠠᠯᠭ᠎ᠠ᠎ᠲᠠᠢ ᠲᠡᠷᠭᠡ ᠬᠥᠰᠬᠡ ᠲᠥᠪᠯᠡᠷᠡᠭᠰᠡᠨ ᠣᠨᠴᠠᠯᠢᠭ᠎ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ᠎ᠪᠠᠷ ᠰᠤᠳᠤᠯᠤᠨ ᠮᠠᠭ᠋ᠠᠳᠯᠠᠵᠤ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠪᠠ᠃ ᠭᠤᠤᠯᠳᠠᠯᠭ᠎ᠠ᠎ᠲᠠᠢ ᠵᠠᠮ᠎ᠤᠨ ᠬᠡᠰᠡᠭ᠎ᠲᠤ ᠲᠦᠷ ᠴᠠᠭ᠎ᠤᠨ ᠪᠠᠶ᠋ᠢᠴᠠᠭ᠋ᠠᠬᠤ ᠴᠡᠭ ᠭᠠᠷᠭ᠋ᠠᠬᠤ᠎ᠪᠠᠷ ᠳᠠᠮᠵᠢᠭᠤᠯᠤᠨ᠂ 《ᠨᠡᠭᠦᠳᠡᠯ ᠲᠣᠭᠤᠷᠢᠨ ᠴᠠᠭᠳᠠᠬᠤ ᠵᠢ ᠲᠣᠭᠲᠠᠭᠰᠠᠨ ᠭᠠᠵᠠᠷ᠎ᠲᠤ ᠴᠢᠩᠭ᠎ᠠ ᠪᠠᠶ᠋ᠢᠴᠠᠭ᠋ᠠᠬᠤ》 ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠥᠩᠭᠡᠷᠡᠬᠦ 《ᠬᠤᠶᠠᠷ ᠠᠶᠠᠨᠴᠢᠳ ᠨᠢᠭᠡ ᠠᠶᠤᠯ ᠲᠦᠭᠰᠢᠭᠦᠷᠢ ᠨᠢᠭᠡ 》 ᠵᠢᠨ ᠲᠡᠷᠭᠡ ᠬᠥᠰᠬᠡ ᠵᠢ ᠨᠢᠭᠡ ᠲᠠᠯ᠎ᠠ᠎ᠪᠠᠷ ᠪᠠᠶ᠋ᠢᠴᠠᠭ᠋ᠠᠪᠠ᠃ ᠭᠤᠣᠯᠳᠠᠭᠤ ᠬᠥᠮᠦᠨ᠎ᠤ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ᠂ ᠶᠠᠳᠠᠷᠠᠯ ᠵᠦᠳᠡᠷᠡᠯᠲᠠᠢᠪᠠᠷ ᠲᠡᠷᠭᠡ ᠵᠢᠯᠣᠭᠤᠳᠬᠤ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ᠂ ᠬᠤᠭᠤᠴᠠᠭ᠎ᠠ ᠬᠡᠲᠦᠷᠡᠲᠡᠯ᠎ᠡ ᠰᠢᠯᠭ᠋ᠠᠨ ᠪᠠᠶ᠋ᠢᠴᠠᠭ᠋ᠠᠭᠰᠠᠨ ᠦᠭᠡᠢ᠂ ᠫᠠᠶ᠋ᠢᠰᠠ ᠦᠨᠡᠮᠯᠡᠯ᠎ᠳᠤ ᠬᠤᠯᠪᠣᠭᠳᠠᠭᠰᠠᠨ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠰᠤᠷᠭ᠋ᠠᠨ ᠬᠥᠮᠦᠵᠢᠭᠦᠯᠬᠦ ᠵᠢ ᠡᠷᠡᠰ ᠃

ᠡᠭᠦᠨ᠎ᠤ ᠬᠠᠮᠲᠤ᠂ ᠠᠷᠠᠳ᠎ᠤᠨ ᠴᠠᠭᠳᠠᠭ᠎ᠠ ᠵᠢᠯᠣᠭᠤᠴᠢ᠎ᠳᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠢᠭᠤᠷᠲᠠᠨ ᠲᠦᠭᠡᠮᠡᠯᠵᠢᠭᠦᠯᠵᠦ᠂ ᠠᠳᠡᠯ᠎ᠤᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠬᠠᠤᠯᠢ᠎ᠠᠴᠠ ᠵᠥᠷᠢᠴᠡᠭᠰᠡᠨ ᠬᠤᠤᠷ ᠬᠥᠨᠥᠭᠡᠯ᠎ᠢ ᠲᠠᠶ᠋ᠢᠯᠪᠤᠷᠢᠯᠠᠵᠤ᠂ ᠲᠡᠳᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ 《ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠲᠡᠷᠭᠡ ᠵᠢᠯᠣᠭᠤᠳᠬᠤ ᠵᠢ ᠵᠢᠷᠤᠮᠵᠢᠭᠤᠯᠬᠤ》 ᠣᠨᠣᠯᠵᠢᠬᠤᠨ᠎ᠢ ᠪᠣᠶ ᠪᠣᠯᠭ᠋ᠠᠵᠤ᠂ ᠵᠠᠮ ᠬᠠᠷᠢᠯᠴᠠᠭ᠋ᠠᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠪᠡ᠃