ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠰᠦᠨᠢᠳ ᠪᠠᠷᠠᠭᠤᠨ ᠬᠤᠰᠢᠭᠤᠨ᠎ᠤ ᠳᠣᠲᠤᠭ᠋ᠠᠳᠤ ᠵᠢ ᠬᠠᠮᠠᠭ᠋ᠠᠯᠠᠬᠤ ᠳᠣᠪᠴᠢᠶ᠎ᠠ ᠰᠦᠷᠳᠡᠭᠦᠯᠦᠯ᠎ᠢ ᠡᠰᠡᠷᠭᠦᠴᠡᠬᠦ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠦᠷᠨᠢᠭᠦᠯᠪᠡ
ᠨᠡᠶ᠋ᠢᠲᠡᠯᠡᠭᠰᠡᠨ ᠴᠠᠭ᠄ 2024-06-03

      ᠳᠣᠲᠣᠭ᠋ᠠᠳᠤ ᠵᠢ ᠬᠠᠮᠠᠭ᠋ᠠᠯᠠᠬᠤ ᠣᠨᠴᠠ ᠲᠥᠷᠥᠯ᠎ᠤᠨ ᠴᠠᠭᠳᠠᠭ᠎ᠠ ᠵᠢᠨ ᠭᠡᠨᠡᠳᠲᠡ ᠵᠢᠨ ᠬᠡᠷᠡᠭ᠎ᠢ ᠲᠦᠷᠭᠡᠨ ᠰᠢᠢ᠍ᠳᠪᠦᠷᠢᠯᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠪᠣᠳᠠᠲᠤ ᠪᠠᠶ᠋ᠢᠯᠳᠤᠭ᠋ᠠᠨ᠎ᠤ ᠠᠬᠤᠢ ᠪᠠᠶ᠋ᠢᠳᠠᠯ ᠳᠣᠣᠷᠠᠬᠢ ᠡᠩᠨᠡᠭᠡ ᠵᠢᠨ ᠲᠦᠷᠭᠡᠨ ᠲᠤᠰᠬᠠᠯ ᠭᠠᠷᠭ᠋ᠠᠬᠤ᠂ ᠲᠣᠨᠣᠭ ᠲᠥᠬᠥᠭᠡᠷᠦᠮᠵᠢ ᠲᠣᠬᠢᠷᠠᠭᠤᠯᠬᠤ᠂ ᠬᠠᠮᠵᠢᠯᠴᠠᠨ ᠪᠠᠶ᠋ᠢᠯᠳᠤᠬᠤ ᠪᠠ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠴᠢᠳᠠᠪᠤᠷᠢ ᠵᠢᠨ ᠲᠦᠪᠰᠢᠨ᠎ᠢ ᠰᠢᠯᠭ᠋ᠠᠨ ᠪᠠᠶ᠋ᠢᠴᠠᠭ᠋ᠠᠬᠤ ᠵᠢᠨ ᠲᠥᠯᠥᠭᠡ᠂ ᠰᠥᠨᠢᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠋ᠠᠨ᠎ᠤ ᠶᠡᠬᠡ ᠠᠩᠭᠢ ᠲᠦᠷᠦᠭᠦᠯᠡᠨ 《ᠰᠦᠷᠳᠡᠭᠦᠯᠦᠯ᠎ᠢ ᠡᠰᠡᠷᠭᠦᠴᠡᠬᠦ 24 ᠴᠠᠭ》 ᠤᠯᠠᠭ᠋ᠠᠨ ᠬᠥᠬᠡ ᠡᠰᠡᠷᠭᠦᠴᠡᠯᠳᠦᠬᠦ ᠰᠣᠷᠢᠯᠲᠠ ᠵᠢᠨ ᠡᠭᠦᠷᠭᠡ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠂ ᠲᠤᠰ ᠤᠳᠠᠭ᠋ᠠᠨ᠎ᠤ ᠰᠣᠷᠢᠯᠲᠠ᠎ᠳᠤ ᠰᠥᠨᠢᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠤᠯᠠᠭ᠋ᠠᠨ ᠲᠠᠯ᠎ᠠ᠂ ᠰᠢᠯᠤᠭᠤᠨ ᠬᠥᠬᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠬᠥᠬᠡ ᠲᠠᠯ᠎ᠠ ᠵᠢᠨ ᠳᠦᠷᠢ᠎ᠪᠠᠷ ᠣᠷᠣᠯᠴᠠᠪᠠ᠃ 5 ᠰᠠᠷ᠎ᠠ ᠵᠢᠨ 28᠎ᠤ ᠡᠳᠦᠷ᠂ 2024 ᠣᠨ᠎ᠤ 《ᠨᠢᠭᠤᠷᠳᠠᠬᠤ ᠦᠭᠡᠢ》 ᠰᠦᠷᠳᠡᠭᠦᠯᠦᠯ᠎ᠢ ᠡᠰᠡᠷᠭᠦᠴᠡᠬᠦ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢᠩᠬᠢᠨᠢ᠎ᠪᠠᠷ ᠡᠬᠢᠯᠡᠪᠡ᠃

1.jpg


      ᠨᠢᠭᠡ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠣᠬᠢᠷᠠᠭᠤᠯᠪᠠ᠃ ᠲᠤᠰ ᠤᠳᠠᠭ᠋ᠠᠨ᠎ᠤ ᠰᠣᠷᠢᠯᠲᠠ ᠵᠢ ᠲᠣᠪᠴᠢᠶᠠᠨ᠎ᠤ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠣᠷᠢᠯᠲᠠ ᠬᠢᠬᠦ ᠬᠥᠮᠦᠰ ᠪᠠ ᠲᠣᠨᠣᠭᠯᠠᠯ᠎ᠤᠨ ᠲᠠᠯ᠎ᠠ᠎ᠪᠠᠷ ᠲᠤᠶ᠋ᠢᠯ᠎ᠤᠨ ᠶᠡᠬᠡ ᠪᠠᠲᠤᠯᠠᠭ᠎ᠠ ᠬᠠᠩᠭ᠋ᠠᠪᠠ᠃ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠋ᠠᠨ᠎ᠤ ᠶᠡᠬᠡ ᠠᠩᠭᠢ᠎ᠨᠢ ᠲᠥᠯᠥᠪᠯᠡᠭᠡ ᠪᠠ ᠲᠣᠬᠢᠷᠠᠭᠤᠯᠤᠯᠲᠠ᠎ᠪᠠᠨ ᠲᠤᠶ᠋ᠢᠯᠪᠤᠷᠢᠲᠠᠢ ᠤᠷᠢᠳᠴᠢᠯᠠᠨ ᠲᠣᠭᠲᠠᠭ᠋ᠠᠬᠤ ᠵᠢᠨ ᠬᠠᠮᠲᠤ᠂ ᠡᠯ᠎ᠡ ᠴᠠᠭᠳᠠᠭ᠎ᠠ ᠵᠢᠨ ᠲᠥᠷᠥᠯ ᠬᠢᠭᠡᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠢ᠎ᠲᠠᠢ ᠭᠦᠢ᠍ᠴᠡᠳ ᠨᠡᠪᠲᠡᠷᠡᠯᠴᠡᠨ ᠵᠣᠬᠢᠴᠠᠭᠤᠯᠵᠤ᠂ ᠰᠣᠷᠢᠯᠲᠠ ᠵᠢᠨ ᠠᠵᠢᠯ᠎ᠢ ᠡᠮᠬᠢ ᠵᠢᠷᠤᠮ᠎ᠲᠠᠢ ᠠᠬᠢᠭᠤᠯᠬᠤ ᠵᠢ ᠦᠨᠡᠨ ᠬᠦ᠌ ᠪᠠᠲᠤᠯᠠᠪᠠ᠃

6.jpg


      ᠬᠣᠶᠠᠷ᠂ ᠴᠢᠮᠡᠭᠡ ᠮᠡᠳᠡᠭᠡ᠎ᠪᠠᠷ ᠬᠥᠲᠥᠯᠥᠨ ᠳᠠᠭ᠋ᠠᠭᠤᠯᠵᠤ᠂ ᠣᠨᠣᠪᠴᠢᠲᠠᠢ ᠴᠣᠬᠢᠯᠲᠠ ᠥᠭᠪᠡ᠃ ᠲᠤᠰ ᠤᠳᠠᠭ᠋ᠠᠨ᠎ᠤ ᠰᠣᠷᠢᠯᠲᠠ ᠵᠢ ᠤᠷᠢᠳᠴᠢᠯᠠᠨ ᠮᠡᠳᠡᠭᠳᠡᠭᠰᠡᠨ ᠦᠭᠡᠢ ᠪᠠᠶ᠋ᠢᠳᠠᠯ ᠳᠣᠣᠷ᠎ᠠ ᠬᠥᠬᠡ ᠲᠠᠯ᠎ᠠ ᠵᠢᠨ ᠬᠥᠮᠦᠨ ᠰᠠᠶ᠋ᠢᠬᠠᠨᠲᠠᠯ᠎ᠠ ᠪᠠᠯᠭ᠋ᠠᠰᠤᠨ᠎ᠳᠤ ᠨᠢᠭᠤᠴᠠ᠎ᠪᠠᠷ ᠣᠷᠣᠵᠤ᠂ ᠵᠠᠪᠰᠢᠶᠠᠨ᠎ᠢ ᠳᠠᠯᠢᠮᠳᠠᠭᠤᠯᠤᠨ ᠬᠦᠴᠦᠷᠬᠡᠭᠯᠡᠯ ᠰᠦᠷᠳᠡᠭᠦᠯᠦᠯ᠎ᠤᠨ ᠲᠦᠭᠰᠢᠭᠦᠷᠢ ᠵᠢᠨ ᠪᠠᠶ᠋ᠢᠳᠠᠯ᠎ᠢ ᠡᠭᠦᠰᠭᠡᠵᠦ᠂ ᠰᠣᠷᠢᠯᠲᠠ ᠵᠢ ᠪᠣᠳᠠᠲᠤ ᠪᠠᠶ᠋ᠢᠯᠳᠤᠭ᠋ᠠᠨ᠎ᠤ ᠣᠨᠴᠠᠯᠢᠭ᠎ᠲᠠᠢ ᠨᠠᠩ ᠣᠶ᠋ᠢᠷᠠᠲᠤᠭᠤᠯᠪᠠ᠃ ᠰᠣᠷᠢᠯᠲᠠ ᠵᠢᠨ ᠶᠠᠪᠤᠴᠠ᠎ᠳᠤ᠂ ᠰᠥᠨᠢᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠴᠢᠮᠡᠭᠡ ᠮᠡᠳᠡᠭᠡ ᠵᠢᠯᠣᠭᠣᠳᠬᠤ ᠲᠥᠪ᠂ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠬᠡ ᠠᠩᠭᠢ᠂ ᠡᠷᠡᠭᠦᠦ ᠵᠢᠨ ᠬᠡᠷᠡᠭ᠎ᠢ ᠲᠠᠩᠨᠠᠨ ᠪᠠᠶ᠋ᠢᠴᠠᠭ᠋ᠠᠬᠤ ᠶᠡᠬᠡ ᠠᠩᠭᠢ᠂ ᠠᠮᠤᠷ᠎ᠢ ᠬᠠᠮᠠᠭ᠋ᠠᠯᠠᠬᠤ ᠶᠡᠬᠡ ᠠᠩᠭᠢ ᠪᠣᠯᠤᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠶᠡᠬᠡ ᠠᠩᠭᠢ ᠵᠡᠷᠭᠡ ᠰᠠᠯᠠᠭ᠎ᠠ ᠮᠥᠴᠢᠷ ᠴᠢᠮᠡᠭᠡ ᠮᠡᠳᠡᠭᠡ ᠵᠢ ᠭᠦᠢ᠍ᠴᠡᠳ ᠠᠰᠢᠭᠯᠠᠨ ᠰᠤᠳᠤᠯᠤᠨ ᠮᠠᠭ᠋ᠠᠳᠯᠠᠵᠤ᠂ ᠬᠠᠮᠤᠭ᠎ᠤᠨ ᠲᠦᠷᠭᠡᠨ ᠬᠤᠷᠳᠤᠴᠠ᠎ᠪᠠᠷ ᠬᠥᠬᠡ ᠲᠠᠯ᠎ᠠ ᠵᠢᠨ ᠨᠢᠭᠤᠭᠳᠠᠵᠤ ᠪᠠᠶ᠋ᠢᠭ᠎ᠠ ᠬᠥᠮᠦᠰ᠎ᠢ ᠡᠷᠢᠵᠦ ᠣᠯᠤᠭᠰᠠᠨ ᠪᠠᠶ᠋ᠢᠨ᠎ᠠ᠃

7.jpg


      ᠭᠤᠷᠪᠠ᠂ ᠰᠢᠨᠵᠢᠯᠡᠭᠡ ᠮᠡᠷᠭᠡᠵᠢᠯ᠎ᠤᠨ ᠴᠢᠳᠠᠪᠬᠢ᠎ᠳᠤ ᠲᠦᠰᠢᠭᠯᠡᠵᠦ᠂ ᠬᠠᠮᠵᠢᠯᠴᠠᠨ ᠪᠠᠶ᠋ᠢᠯᠳᠤᠪᠠ᠃ ᠴᠢᠮᠡᠭᠡ ᠬᠣᠯᠪᠣᠭ᠎ᠠ᠂ ᠵᠢᠯᠣᠭᠣᠴᠢ ᠦᠭᠡᠢ ᠨᠢᠰᠬᠡᠯ᠂ 5 G ᠪᠤᠴᠠᠭ᠋ᠠᠨ ᠳᠠᠮᠵᠢᠭᠤᠯᠬᠤ ᠰᠢᠰᠲ᠋ᠧᠮ ᠵᠡᠷᠭᠡ ᠠᠯᠤᠰ ᠡᠵᠡᠮᠰᠢᠯᠲᠦ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠰᠢᠰᠲ᠋ᠧᠮ᠎ᠢ ᠰᠣᠷᠢᠯᠲᠠ ᠵᠢᠨ ᠳᠤᠮᠳᠠ ᠪᠦᠬᠦ ᠲᠠᠯ᠎ᠠ᠎ᠪᠠᠷ ᠬᠡᠷᠡᠭᠯᠡᠵᠦ᠂ ᠴᠣᠬᠢᠯᠲᠠ ᠥᠭᠴᠦ ᠰᠢᠢ᠍ᠳᠪᠦᠷᠢᠯᠡᠬᠦ᠂ ᠳᠠᠭ᠋ᠠᠷᠢᠯᠲᠠ ᠵᠢ ᠰᠡᠷᠭᠡᠶ᠋ᠢᠯᠡᠬᠦ᠂ ᠳᠡᠯᠪᠡᠴᠢᠯᠲᠡ ᠵᠢ ᠨᠡᠩᠵᠢᠨ ᠠᠷᠢᠯᠭ᠋ᠠᠬᠤ᠂ ᠲᠤᠬᠠᠢ ᠵᠢᠨ ᠲᠠᠯᠠᠪᠤᠷ᠎ᠲᠤ ᠠᠪᠤᠷᠠᠨ ᠲᠤᠰᠠᠯᠠᠬᠤ ᠵᠡᠷᠭᠡ ᠭᠣᠭᠴᠣᠭ᠎ᠠ ᠵᠢ ᠵᠠᠪᠰᠠᠷ ᠦᠭᠡᠢ ᠵᠣᠯᠭ᠋ᠠᠭᠤᠯᠵᠤ᠂ 《ᠴᠢᠮᠡᠭᠡ ᠮᠡᠳᠡᠭᠡ᠂ ᠵᠢᠯᠣᠭᠣᠳᠬᠤ᠂ ᠠᠵᠢᠯᠯᠠᠭ᠎ᠠ》 ᠵᠢ ᠨᠢᠭᠡ ᠴᠣᠭᠴᠠᠵᠢᠭᠤᠯᠤᠨ ᠠᠵᠢᠯᠯᠠᠭᠤᠯᠬᠤ ᠪᠠ ᠡᠯ᠎ᠡ ᠴᠠᠭᠳᠠᠭ᠋ᠠᠨ᠎ᠤ ᠲᠥᠷᠥᠯ᠎ᠢ ᠪᠦᠬᠦᠯᠢ ᠴᠣᠭᠴᠠ᠎ᠪᠠᠷ᠎ᠨᠢ ᠪᠠᠶ᠋ᠢᠯᠳᠤᠬᠤ ᠪᠣᠯᠭ᠋ᠠᠵᠤ᠂ ᠬᠥᠨᠳᠡᠯᠡᠨ ᠵᠶ᠋ᠠᠷ ᠬᠣᠯᠪᠣᠭ᠋ᠠᠯᠠᠨ ᠬᠥᠳᠡᠯᠦᠯᠴᠡᠭᠰᠡᠨ᠂ ᠭᠤᠯᠳᠤ᠎ᠪᠠᠷ ᠨᠡᠪᠲᠡᠷᠡᠭᠰᠡᠨ ᠨᠡᠶ᠋ᠢᠯᠡᠮᠡᠯ ᠪᠠᠶ᠋ᠢᠯᠳᠤᠭ᠋ᠠᠨ᠎ᠤ ᠰᠢᠰᠲ᠋ᠧᠮ᠎ᠢ ᠪᠠᠶ᠋ᠢᠭᠤᠯᠵᠤ᠂ ᠰᠣᠷᠢᠯᠲᠠ ᠵᠢᠨ ᠠᠬᠢᠴᠠ ᠵᠢ ᠴᠢᠨᠠᠷ ᠰᠠᠶ᠋ᠢᠲᠠᠢ ᠲᠦᠯᠬᠢᠪᠡ᠃

9.jpg


      ᠳᠥᠷᠪᠡ᠂ ᠪᠦᠬᠦ ᠶᠠᠪᠤᠴᠠ᠎ᠳᠤ ᠳᠠᠬᠢᠨ ᠬᠢᠨᠠᠯᠲᠠ ᠬᠢᠵᠦ᠂ ᠴᠡᠭᠴᠡᠯᠡᠨ ᠰᠠᠶ᠋ᠢᠵᠢᠷᠠᠭᠤᠯᠪᠠ᠃ ᠰᠣᠷᠢᠯᠲᠠ ᠳᠠᠭᠤᠰᠤᠭᠰᠠᠨ᠎ᠤ ᠳᠠᠷᠠᠭ᠎ᠠ᠂ ᠳ᠋ᠦᠩᠨᠡᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠤᠳᠤᠷᠢᠳᠤᠨ ᠲᠣᠬᠢᠷᠠᠭᠤᠯᠬᠤ ᠳᠤᠭᠤᠶ᠋ᠢᠯᠠᠩ᠎ᠠᠴᠠ ᠰᠣᠷᠢᠯᠲᠠ ᠵᠢᠨ ᠦᠨᠡᠯᠡᠯᠲᠡ ᠬᠢᠵᠦ᠂ ᠰᠣᠷᠢᠯᠲᠠ ᠵᠢᠨ ᠰᠢᠢ᠍ᠳᠪᠦᠷᠢᠯᠡᠭᠰᠡᠨ ᠦᠷ᠎ᠡ ᠳ᠋ᠦᠩ᠂ ᠰᠢᠢ᠍ᠳᠪᠦᠷᠢᠯᠡᠭᠰᠡᠨ ᠲᠤᠷᠰᠢᠯᠭ᠎ᠠ᠎ᠳᠤ ᠴᠠᠭ ᠲᠤᠬᠠᠢ᠎ᠳᠤ᠎ᠨᠢ ᠳ᠋ᠦᠩᠨᠡᠯᠲᠡ ᠪᠠ ᠳᠠᠬᠢᠨ ᠬᠢᠨᠠᠯᠲᠠ ᠬᠢᠪᠡ᠃ ᠡᠯ᠎ᠡ ᠴᠠᠭᠳᠠᠭ᠋ᠠᠨ᠎ᠤ ᠲᠥᠷᠥᠯ᠂ ᠡᠯ᠎ᠡ ᠪᠦᠷᠢᠯᠳᠦᠬᠦᠨ ᠨᠢᠭᠡᠴᠢ ᠰᠣᠷᠢᠯᠲᠠ ᠳᠤᠮᠳᠠ ᠢᠯᠡᠷᠡᠭᠦᠯᠦᠭᠰᠡᠨ ᠠᠰᠠᠭᠤᠳᠠᠯ᠎ᠤᠨ ᠲᠣᠭᠣᠷᠢᠨ᠎ᠳᠤ ᠴᠠᠭ ᠲᠤᠬᠠᠢ᠎ᠳᠤ᠎ᠨᠢ ᠴᠡᠭᠴᠡᠯᠡᠨ ᠰᠠᠶ᠋ᠢᠵᠢᠷᠠᠭᠤᠯᠵᠤ᠂ ᠪᠠᠶ᠋ᠢᠭᠤᠯᠭ᠎ᠠ ᠵᠢᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠰᠢᠯᠢᠳᠡᠭᠵᠢᠭᠦᠯᠵᠦ ᠲᠡᠭᠦᠯᠳᠡᠷᠵᠢᠭᠦᠯᠪᠡ᠃

10.jpg


      ᠲᠤᠰ ᠤᠳᠠᠭ᠋ᠠᠨ᠎ᠤ ᠰᠣᠷᠢᠯᠲᠠ᠎ᠨᠢ ᠣᠳᠣᠬᠠᠨ᠎ᠤ ᠰᠦᠷᠳᠡᠭᠦᠯᠦᠯ᠎ᠢ ᠡᠰᠡᠷᠭᠦᠴᠡᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠰᠢᠨ᠎ᠡ ᠡᠭᠦᠷᠭᠡ᠎ᠲᠠᠢ ᠨᠢᠭᠲᠠ ᠤᠶᠠᠯᠳᠤᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠰᠢᠨ᠎ᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠳᠣᠬᠢᠴᠢᠯᠠᠭᠰᠠᠨ ᠴᠠᠭᠳᠠᠭ᠋ᠠᠨ᠎ᠤ ᠵᠡᠪᠰᠡᠭ ᠲᠣᠨᠣᠭᠯᠠᠯ᠎ᠢ ᠭᠦᠢ᠍ᠴᠡᠳ ᠬᠡᠷᠡᠭᠯᠡᠨ᠂ ᠪᠣᠳᠠᠲᠤ ᠪᠠᠶ᠋ᠢᠯᠳᠤᠭ᠋ᠠᠨ᠎ᠤ ᠤᠳᠤᠷᠢᠳᠤᠮᠵᠢ ᠵᠢ ᠳᠣᠪᠤᠶ᠋ᠢᠯᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠵᠢᠯᠣᠭᠣᠳᠬᠤ᠂ ᠲᠦᠷᠭᠡᠨ ᠲᠤᠰᠬᠠᠯ ᠭᠠᠷᠭ᠋ᠠᠬᠤ᠂ ᠠᠯᠤᠰ᠎ᠠᠴᠠ ᠬᠥᠳᠡᠯᠦᠩᠭᠦᠢ ᠡᠵᠡᠮᠰᠢᠬᠦ᠂ ᠵᠡᠪᠰᠡᠭᠲᠦ ᠬᠦᠴᠦᠨ ᠵᠶ᠋ᠠᠷ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠣᠷᠢᠯᠭ᠎ᠠ᠎ᠳᠤ ᠬᠦᠷᠴᠦ᠂ ᠬᠣᠶ᠋ᠢᠰᠢᠳᠠ ᠵᠢᠨ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠠᠵᠢᠯ᠎ᠢ ᠨᠡᠩ ᠰᠠᠶ᠋ᠢᠲᠤᠷ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ