5 ᠰᠠᠷ᠎ᠠ ᠵᠢᠨ 17᠎ᠤ ᠡᠳᠦᠷ᠂ 《ᠨᠢᠭᠡ ᠮᠠᠰᠢᠨ ᠬᠣᠶᠠᠷ ᠬᠡᠷᠡᠭᠴᠡᠭᠡᠲᠦ》 ᠪᠠᠢ᠌ᠳᠠᠯ ᠡᠭᠦᠰᠬᠦ ᠵᠢ ᠡᠷᠡᠰ ᠬᠤᠷᠢᠭᠯᠠᠬᠤ᠂ ᠳᠣᠲᠣᠭ᠋ᠠᠳᠤ ᠵᠢ ᠬᠠᠮᠠᠭ᠋ᠠᠯᠠᠬᠤ ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ ᠵᠶ᠋ᠠᠷ ᠠᠵᠢᠯᠯᠠᠭᠤᠯᠬᠤ ᠵᠢ ᠦᠨᠡᠨ ᠬᠦ᠌ ᠪᠠᠳᠤᠯᠠᠬᠤ᠂ ᠰᠦᠯᠵᠢᠶᠡᠨ᠎ᠤ ᠬᠠᠮᠢᠶᠠᠲᠠᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ ᠡᠭᠦᠰᠬᠦ᠎ᠠᠴᠠ ᠰᠡᠷᠭᠡᠢ᠌ᠯᠡᠬᠦ ᠵᠢᠨ ᠲᠥᠯᠥᠭᠡ᠂ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶᠠᠠᠭᠣᠣᠯ ᠲᠣᠮᠢᠯᠠᠭᠰᠠᠨ ᠰᠠᠯᠪᠤᠷᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠢ᠌ᠭᠤᠯᠵᠤ ᠳᠣᠲᠣᠭ᠋ᠠᠳᠤ ᠵᠢ ᠬᠠᠮᠠᠭ᠋ᠠᠯᠠᠬᠤ ᠰᠦᠯᠵᠢᠶᠡᠨ᠎ᠤ ᠠᠮᠤᠷ ᠲᠦᠪᠰᠢᠨ᠎ᠤ ᠰᠠᠭᠤᠷᠢ ᠮᠡᠳᠡᠯᠭᠡ ᠵᠢᠨ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠪᠡ᠃

ᠪᠣᠯᠪᠠᠰᠤᠷᠠᠯ᠎ᠤᠨ ᠳᠤᠮᠳᠠ᠂ ᠪᠠᠶᠠᠠᠭᠣᠣᠯ ᠲᠣᠮᠢᠯᠠᠭᠰᠠᠨ ᠰᠠᠯᠪᠤᠷᠢ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠵᠤ 《ᠨᠢᠭᠡ ᠮᠠᠰᠢᠨ ᠬᠣᠶᠠᠷ ᠬᠡᠷᠡᠭᠴᠡᠭᠡᠲᠦ》 ᠵᠢᠨ ᠪᠣᠳᠠᠲᠠᠢ ᠱᠠᠭ᠋ᠠᠷᠳᠠᠯᠭ᠎ᠠ ᠪᠠ ᠬᠠᠮᠢᠶᠠᠷᠤᠯᠲᠠ ᠵᠢᠨ ᠲᠣᠭᠲᠠᠭ᠋ᠠᠯ᠎ᠢ ᠰᠤᠷᠤᠯᠴᠠᠨ ᠰᠣᠯᠢᠯᠴᠠᠵᠤ᠂ ᠰᠦᠯᠵᠢᠶᠡᠨ᠎ᠤ ᠠᠮᠤᠷ ᠲᠦᠪᠰᠢᠨ᠎ᠤ ᠡᠯ᠎ᠡ ᠵᠦᠢ᠍ᠯ᠎ᠤᠨ ᠲᠣᠭᠲᠠᠭ᠋ᠠᠯ᠎ᠢ ᠪᠣᠳᠠᠲᠠᠢ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃ ᠡᠭᠦᠨ᠎ᠤ ᠵᠡᠷᠭᠡ᠎ᠳᠤ᠂ ᠠᠷᠠᠳ᠎ᠤᠨ ᠴᠠᠭᠳᠠᠭ᠎ᠠ ᠪᠠᠰᠠ ᠰᠦᠯᠵᠢᠶᠡᠨ᠎ᠤ ᠠᠮᠤᠷ ᠲᠦᠪᠰᠢᠨ᠎ᠤ ᠮᠡᠳᠡᠯᠭᠡ ᠪᠣᠯᠣᠨ ᠴᠢᠬᠤᠯᠠ ᠪᠠᠢ᠌ᠷᠢ ᠵᠢᠨ ᠨᠢᠭᠤᠴᠠ ᠵᠢ ᠬᠠᠮᠠᠭ᠋ᠠᠯᠠᠬᠤ ᠠᠵᠢᠯ᠎ᠢ ᠰᠤᠷᠤᠯᠴᠠᠵᠤ᠂ ᠭᠣᠣᠯᠳᠠᠯᠭ᠎ᠠ᠎ᠲᠠᠢ ᠠᠵᠢᠯ᠎ᠤᠨ ᠪᠠᠢ᠌ᠷᠢ᠎ᠳᠠᠬᠢ ᠨᠢᠭᠤᠴᠠ᠎ᠳᠤ ᠬᠣᠯᠪᠣᠭᠳᠠᠬᠤ ᠬᠥᠮᠥᠰ ᠪᠣᠯᠣᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠪᠠ᠃ ᠬᠠᠮᠤᠭ᠎ᠤᠨ ᠰᠡᠭᠦᠯ᠎ᠳᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠵᠠᠷᠢᠮ ᠠᠯᠪᠠᠨ᠎ᠤ ᠨᠢᠭᠤᠴᠠ᠎ᠳᠤ ᠬᠣᠯᠪᠣᠭᠳᠠᠬᠤ ᠺᠣᠮᠫᠢᠦ᠋ᠲ᠋ᠧᠷ᠎ᠲᠤ ᠵᠥᠭᠡᠯᠡᠨ ᠲᠣᠨᠣᠭ ᠪᠠ ᠬᠡᠷᠡᠭᠰᠡᠯ᠎ᠠᠴᠠ ᠭᠠᠷᠳᠠᠵᠤ᠂ ᠴᠠᠭ ᠲᠤᠬᠠᠢᠳᠤᠨᠢ ᠨᠥᠬᠥᠭᠡᠰᠦ ᠤᠭᠰᠠᠷᠠᠬᠤ ᠵᠢᠨ ᠬᠠᠮᠲᠤ ᠪᠥᠬᠥ ᠲᠠᠯ᠎ᠠ᠎ᠪᠠᠷ ᠸᠢᠷᠦ᠋ᠰ ᠠᠷᠢᠯᠭ᠋ᠠᠵᠤ ᠪᠠᠢ᠌ᠴᠠᠭ᠋ᠠᠯᠲᠠ ᠬᠢᠵᠡᠢ᠃
ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠎ᠤᠨ ᠨᠠᠷᠢᠨ ᠬᠢᠨᠠᠮᠠᠭ᠋ᠠᠢ ᠰᠤᠷᠤᠯᠴᠠᠨ ᠶᠠᠷᠢᠯᠴᠠᠬᠤ᠎ᠪᠠᠷ ᠳᠠᠮᠵᠢᠭᠤᠯᠤᠨ᠂ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠠᠯᠲᠠ᠎ᠪᠠᠨ ᠲᠣᠳᠣᠷᠬᠠᠢ ᠪᠣᠯᠭ᠋ᠠᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠰᠠᠢ᠌ᠨ ᠰᠠᠭᠤᠷᠢ ᠲᠠᠯᠪᠢᠪᠠ᠃