ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠨᠡᠶ᠋ᠢᠲᠡᠯᠡᠭᠰᠡᠨ ᠴᠠᠭ᠄ 2024-07-24

      7 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠨᠠᠮ᠎ᠤᠨ ᠬᠣᠷᠢᠶ᠎ᠠ ᠵᠢᠨ

(ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠠᠷ ᠤᠯᠠᠮᠵᠢᠯᠠᠨ ᠰᠤᠷᠤᠯᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠣᠷᠢᠶ᠎ᠠ ᠵᠢᠴᠢ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠬᠤ ᠬᠤᠷᠠᠯ ᠪᠣᠯᠤᠨ ᠶᠠᠮᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠺᠠᠳ᠋ᠷᠴᠤᠳ᠎ᠤᠨ ᠶᠡᠬᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠬᠣᠷᠢᠶ᠎ᠠ ᠵᠡᠷᠭᠡ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠬᠣᠲᠠ᠎ᠳᠤ ᠪᠠᠢ᠌ᠭ᠎ᠠ ᠲᠢᠩᠬᠢᠮ᠎ᠤᠨ ᠨᠠᠮ᠎ᠤᠨ ᠬᠣᠷᠢᠶ᠎ᠠ ᠵᠢᠨ ᠪᠦᠷᠢᠯᠳᠦᠬᠦᠨ ᠨᠡᠷ ᠬᠤᠷᠠᠯ᠎ᠳᠤ ᠣᠷᠣᠯᠴᠠᠵᠤ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠎ᠤᠨ ᠭᠣᠤᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃

11.jpg


      ᠬᠤᠷᠠᠯ᠎ᠠᠴᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠬᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ ᠵᠢᠨ ᠴᠠᠭ ᠦᠶ᠎ᠡ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠲᠤᠶ᠋ᠢᠯ᠎ᠤᠨ ᠴᠢᠬᠤᠯᠠ ᠬᠤᠷᠠᠯ ᠪᠣᠯᠤᠨ᠎ᠠ᠃ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《ᠲᠣᠭᠲᠠᠭ᠋ᠠᠯ》᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠣᠣᠯ ᠰᠡᠳᠦᠪ᠎ᠤᠨ ᠲᠣᠭᠣᠷᠢᠨ᠎ᠳᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠵᠢᠯᠣᠭᠣᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠬᠡ ᠵᠠᠷᠴᠢᠮ᠎ᠢ ᠲᠣᠳᠣᠷᠬᠠᠶ᠋ᠢᠯᠠᠵᠠᠶ᠂ ᠡᠨᠡ ᠪᠣᠯ ᠰᠢᠨ᠎ᠡ ᠠᠶᠠᠨ ᠵᠠᠮ᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢ ᠵᠢᠯᠣᠭᠣᠳᠬᠤ ᠮᠠᠷᠺᠰ᠎ᠤᠨ ᠦᠵᠡᠯ᠎ᠤᠨ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠮᠥᠨ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠠᠮᠢᠶ᠎ᠠ ᠪᠦᠬᠦᠢ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠶ ᠲᠠᠨᠢᠵᠤ᠂ ᠣᠨᠣᠪᠴᠢᠲᠠᠶ ᠡᠵᠡᠮᠰᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠭᠣᠣᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ ᠵᠢ ᠪᠠᠲᠤ ᠡᠵᠡᠮᠰᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠰᠠᠶ᠋ᠢᠲᠤᠷ ᠭᠦᠢ᠍ᠴᠡᠳᠬᠡᠵᠦ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠳᠣᠬᠢᠴᠢᠯᠠᠯᠲᠠ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠪᠠᠲᠤ ᠴᠢᠩᠭ᠎ᠠ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠥᠪᠥᠷ ᠮᠣᠩᠭᠣᠯ᠎ᠤᠨ ᠰᠢᠨ᠎ᠡ ᠴᠢᠨᠠᠷ ᠴᠢᠨᠰᠠᠭ᠎ᠠ᠎ᠲᠠᠢ ᠳᠣᠲᠣᠭ᠋ᠠᠳᠤ ᠵᠢ ᠬᠠᠮᠠᠭ᠋ᠠᠯᠠᠬᠤ ᠲᠠᠢ᠍ᠢ᠍ᠴᠢᠨ ᠬᠦᠴᠦᠨ᠎ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠰᠢᠨ᠎ᠡ ᠠᠶᠠᠨ ᠵᠠᠮ᠎ᠤᠨ ᠥᠭᠡᠷᠡᠴᠢᠯᠡᠯᠲᠡ᠎ᠪᠠᠷ ᠴᠠᠭᠳᠠᠭ᠎ᠠ ᠵᠢ ᠬᠦᠴᠦᠷᠬᠡᠭᠵᠢᠭᠦᠯᠬᠦ ᠵᠠᠮ ᠵᠶ᠋ᠠᠷ ᠰᠠᠶ᠋ᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠠᠬᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠴᠢᠬᠤᠯᠠ ᠶᠡᠬᠡ ᠪᠠᠶ᠋ᠢᠷᠢᠯᠠᠭᠤᠯᠤᠯᠲᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠠᠲᠤ ᠡᠵᠡᠮᠰᠢᠵᠦ᠂ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠬᠤ ᠪᠠ ᠲᠥᠪ᠎ᠤᠨ 《ᠰᠠᠨᠠᠯ》᠎ᠤᠨ ᠥᠭᠡᠷᠡᠴᠢᠯᠡᠯᠲᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠵᠢᠨ ᠴᠢᠬᠤᠯᠠ ᠭᠠᠷᠳᠠᠴᠠ ᠪᠣᠯᠭ᠋ᠠᠵᠤ᠂ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠣᠯᠠᠨ ᠲᠠᠯ᠎ᠠ᠎ᠠᠴᠠ ᠪᠣᠶ ᠪᠣᠯᠭ᠋ᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠢᠨᠠᠨ ᠵᠢᠯᠣᠭᠣᠳᠴᠤ ᠳᠠᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠳᠣᠬᠢᠴᠢᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠶᠡᠬᠡᠪᠡᠷ ᠠᠬᠢᠭᠤᠯᠬᠤ ᠬᠡᠷᠡᠭᠲᠡᠶ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠤᠭᠤᠳ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠶᠡᠷᠦᠩᠬᠡᠶ ᠱᠠᠭ᠋ᠠᠷᠳᠠᠯᠭ᠎ᠠ ᠪᠣᠯᠤᠨ ᠴᠢᠬᠤᠯᠠ ᠪᠠᠶ᠋ᠢᠷᠢᠯᠠᠭᠤᠯᠤᠯᠲᠠ ᠵᠢ ᠪᠠᠲᠤ ᠡᠵᠡᠮᠰᠢᠵᠦ᠂ 《ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶ᠋ᠢᠲ᠋ᠠ》 ᠵᠢᠨ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠋ᠠᠨ᠎ᠤ ᠵᠠᠭᠪᠤᠷ ᠵᠶ᠋ᠠᠷ ᠬᠥᠲᠥᠯᠦᠮᠵᠢ ᠪᠣᠯᠭ᠋ᠠᠬᠤ ᠵᠢ ᠪᠠᠷᠢᠮᠲᠠᠯᠠᠵᠤ᠂ ᠲᠣᠮᠣ ᠳ᠋ᠠᠶ᠋ᠢᠲ᠋ᠠ ᠵᠢᠨ ᠴᠢᠳᠠᠪᠤᠷᠢ ᠣᠯᠭᠣᠬᠤ ᠵᠢ ᠨᠢᠭᠡ ᠴᠤᠭᠴᠠᠵᠢᠭᠤᠯᠤᠭᠰᠠᠨ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠋ᠠᠨ᠎ᠤ ᠲᠣᠭᠲᠠᠴᠠ᠎ᠪᠠᠷ ᠭᠠᠷᠳᠠᠴᠠ ᠪᠣᠯᠭ᠋ᠠᠵᠤ᠂ ᠲᠤᠰᠬᠠᠶ ᠮᠡᠷᠭᠡᠵᠢᠯ᠎ᠤᠨ ᠴᠠᠭᠳᠠᠭ᠋ᠠᠨ᠎ᠤ ᠲᠥᠷᠥᠯ ᠪᠠ ᠲᠤᠰᠬᠠᠶ ᠠᠩᠭᠢ ᠲᠤᠰᠬᠠᠶ ᠵᠦᠢ᠍ᠯ᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠤᠭ᠎ᠤᠨ ᠶᠡᠬᠡ ᠬᠡᠮᠵᠢᠶ᠎ᠡ᠎ᠪᠠᠷ ᠦᠨᠳᠦᠰᠦᠨ ᠱᠠᠲᠤᠨ᠎ᠤ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠣᠯᠭᠣᠵᠤ᠂ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠡᠪ ᠴᠢᠨᠠᠷ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ ᠢᠨᠵᠧᠨᠧᠷᠢᠩ ᠪᠠ 《ᠨᠠᠢ᠍ᠮᠠᠨ ᠶᠡᠬᠡ ᠠᠵᠢᠯᠯᠠᠭ᠎ᠠ》 ᠵᠢ ᠭᠦᠨᠵᠡᠭᠡᠶ ᠬᠡᠷᠡᠭᠵᠢᠭᠦᠯᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠴᠢᠳᠠᠪᠤᠷᠢᠲᠠᠨ᠎ᠤ ᠲᠥᠯᠥᠪᠵᠢᠭᠦᠯᠭᠡ ᠵᠢ ᠯᠠᠪᠳᠠᠭᠤᠨ ᠪᠠᠲᠤᠲᠠᠶ ᠬᠡᠷᠡᠭᠵᠢᠭᠦᠯᠦᠨ᠂ ᠥᠪᠥᠷ ᠮᠣᠩᠭᠣᠯ᠎ᠤᠨ ᠴᠠᠭᠳᠠᠭ᠋ᠠᠨ᠎ᠤ ᠠᠵᠢᠯ ᠮᠡᠷᠭᠡᠵᠢᠯ᠎ᠤᠨ ᠳᠡᠭᠡᠲᠦ ᠰᠤᠷᠭ᠋ᠠᠭᠤᠯᠢ ᠵᠢᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠪᠣᠯᠬᠤ ᠲᠡᠰ ᠳᠠᠪᠰᠢᠬᠤ ᠠᠵᠢᠯ᠎ᠢ ᠴᠢᠨᠠᠷ ᠰᠠᠶ᠋ᠢᠲᠠᠶ ᠪᠡᠶᠡᠯᠡᠭᠦᠯᠬᠦ ᠬᠡᠷᠡᠭᠲᠡᠶ᠃ 《ᠵᠢᠷᠭᠤᠭ᠎ᠠ ᠵᠢ ᠰᠡᠷᠭᠡᠶ᠋ᠢᠯᠡᠬᠦ ᠲᠠᠪᠤ ᠵᠢ ᠡᠵᠡᠮᠳᠡᠬᠦ ᠲᠦᠷᠪᠡ ᠵᠢ ᠠᠬᠢᠭᠤᠯᠬᠤ》 ᠰᠠᠭᠤᠷᠢ ᠵᠢ ᠴᠢᠩᠭ᠋ᠠᠳᠬᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠦᠨᠳᠦᠰᠦᠨ ᠱᠠᠲᠤᠨ᠎ᠤ ᠰᠠᠭᠤᠷᠢ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠡᠵᠡᠮᠳᠡᠬᠦ ᠴᠢᠳᠠᠪᠤᠷᠢ ᠵᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠤᠶᠠᠯᠳᠤᠯ᠎ᠤᠨ ᠴᠡᠭ᠎ᠢ ᠣᠨᠣᠪᠴᠢᠲᠠᠢ ᠡᠷᠢᠵᠦ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》᠎ᠳᠤ ᠲᠣᠳᠣᠷᠬᠠᠶ᠋ᠢᠯᠠᠭᠰᠠᠨ 《ᠲᠠᠪᠤᠨ ᠶᠡᠬᠡ ᠢᠨᠵᠧᠨᠧᠷᠢᠩ》᠎ᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠵᠤ᠂ ᠬᠠᠤᠯᠢ ᠴᠠᠭ᠋ᠠᠵᠠ ᠵᠢᠨ ᠤᠯᠠᠨ ᠨᠡᠶ᠋ᠢᠲᠡ ᠵᠢᠨ ᠢᠲᠡᠭᠡᠮᠵᠢ ᠵᠢᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠪᠤᠨ ᠶᠡᠬᠡ ᠡᠭᠦᠷᠭᠡ᠎ᠲᠠᠢ ᠵᠣᠬᠢᠴᠠᠭᠰᠠᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠ ᠠᠮᠤᠷ ᠲᠦᠪᠰᠢᠨ᠎ᠢ ᠪᠠᠲᠤᠯᠠᠬᠤ ᠠᠵᠢᠯ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠤᠯᠭ᠎ᠠ ᠵᠢᠨ ᠥᠭᠡᠷᠡᠴᠢᠯᠡᠯᠲᠡ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠰᠢᠰᠲ᠋ᠧᠮ᠎ᠤᠨ ᠬᠤᠷᠠᠮᠠᠯ᠂ ᠪᠦᠬᠦᠯᠢ ᠴᠣᠭᠴᠠ᠎ᠪᠠᠷ ᠠᠬᠢᠭᠤᠯᠬᠤ ᠵᠢ ᠪᠠᠷᠢᠮᠲᠠᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠢ᠍ᠢ᠍ᠨ ᠵᠶ᠋ᠠᠷ ᠡᠬᠢᠯᠡᠭᠦᠯᠵᠦ ᠰᠠᠢ᠍ᠢ᠍ᠨ ᠵᠶ᠋ᠠᠷ ᠲᠡᠭᠦᠰᠬᠡᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠵᠢ ᠦᠨᠡᠨ ᠬᠦ᠌ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠤᠨ ᠬᠢᠨᠠᠨ ᠵᠥᠪᠯᠡᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ