ᠠᠯᠪᠠᠨ ᠵᠠᠷ ᠤᠨ ᠬᠡᠯᠪᠡᠷᠢ
ᠨᠡᠶᠢᠲᠡᠯᠡᠭᠰᠡᠨ ᠴᠠᠭ᠄
2018/11/12
           ᠠᠯᠪᠠᠨ ᠵᠠᠷ ᠪᠢᠴᠢᠬᠦ ᠳᠤ ᠠᠩᠬᠠᠷᠬᠤ ᠵᠦᠢᠯ ᠤᠳ᠄            1.  ᠠᠯᠪᠠᠨ ᠵᠠᠷ ᠤᠨ ᠭᠠᠷᠴᠠᠭ᠄ ᠭᠤᠣᠯᠳᠠᠭᠤ ᠬᠤᠶᠠᠷ ᠵᠦᠢᠯ ᠤᠨ ᠬᠡᠯᠪᠡᠷᠢ ᠲᠠᠢ᠃ ᠨᠢᠭᠡ ᠵᠦᠢᠯ ᠨᠢ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠂ ᠣᠴᠢᠷ ᠰᠢᠯᠲᠠᠭᠠᠨ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠵᠦ᠂ ᠨᠢᠭᠡ ᠵᠦᠢᠯ ᠨᠢ  ᠤᠴᠢᠷ ᠰᠢᠯᠲᠠᠭᠠᠨ ᠢ ᠲᠣᠪᠴᠢᠯᠠᠵᠣ᠂ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠨ᠎ᠡ᠂  ᠵᠢᠱᠢᠶᠡᠯᠡᠪᠡᠯ ︽ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠵᠠᠷ︾ ᠭᠡᠬᠦ ᠮᠡᠲᠦ᠃      2. ᠭᠤᠣᠯ ᠠᠭᠤᠯᠭ᠎ᠠ ᠶᠢᠨ ᠬᠡᠰᠡᠭ᠄ ᠠᠯᠪᠠᠨ ᠵᠠᠷ ᠤᠨ ᠭᠤᠣᠯ ᠠᠭᠤᠯᠭ᠎ᠠ ᠶᠢᠨ ᠬᠡᠰᠡᠭ ᠲᠤ ᠵᠠᠷᠯᠠᠨ ᠮᠡᠳᠡᠭᠳᠡᠬᠦ ᠵᠦᠢᠯᠡᠰ ᠢᠶᠠᠨ ᠪᠣᠳᠠᠲᠠᠶ ᠪᠥᠭᠡᠳ ᠲᠣᠳᠣᠷᠬᠠᠶ ᠪᠢᠴᠢᠬᠦ ᠬᠡᠷᠡᠭᠲᠡᠶ᠃ ᠬᠡᠷᠪᠡ ᠵᠠᠷᠯᠠᠨ ᠮᠡᠳᠡᠭᠳᠡᠬᠦ ᠠᠭᠤᠯᠭ᠎ᠠ ᠨᠢ ᠲᠣᠪᠴᠢ ᠠᠪᠰᠠᠷ᠂ ᠨᠡᠯᠢᠶᠡᠳ ᠴᠥᠭᠡᠨ ᠪᠣᠯ ᠨᠢᠭᠡ ᠪᠠᠳᠠᠭ ᠲᠤ ᠪᠠᠭᠲᠠᠭᠠᠵᠣ ᠪᠣᠯᠤᠨ᠎ᠠ᠃ ᠬᠡᠷᠪᠡ ᠵᠠᠷᠯᠠᠨ ᠮᠡᠳᠡᠭᠳᠡᠬᠦ ᠠᠭᠤᠯᠭ᠎ᠠ ᠨᠢ ᠨᠡᠯᠢᠶᠡᠳ ᠠᠷᠪᠢᠨ ᠪᠣᠯ᠂ ᠲᠡᠰ ᠳᠠᠪᠬᠤᠷᠭ᠎ᠠ ᠬᠤᠪᠢᠶᠠᠬᠤ ᠠᠷᠭ᠎ᠠ ᠪᠠᠷ ᠪᠢᠴᠢᠵᠦ ᠪᠣᠯᠤᠨ᠎ᠠ᠃ ᠭᠤᠣᠯ ᠠᠭᠤᠯᠭ᠎ᠠ ᠶᠢᠨ ᠬᠡᠰᠡᠭ ᠢᠶᠠᠨ ᠲᠡᠭᠦᠰᠬᠡᠭᠰᠡᠨ ᠤ ᠰᠡᠭᠦᠯᠡᠷ᠂ ᠵᠠᠷᠢᠮ ᠳᠠᠭᠠᠨ ︽ᠣᠨᠴᠠᠭᠠᠶᠢᠯᠠᠨ ᠵᠠᠷᠯᠠᠪᠠ︾ ᠭᠡᠬᠦ ᠮᠡᠲᠦ ᠶᠢᠨ ᠲᠤᠰᠬᠠᠢ ᠬᠡᠯᠡᠴᠡ ᠶᠢ ᠬᠡᠷᠡᠭᠯᠡᠵᠦ ᠪᠣᠯᠣᠨ᠎ᠠ᠃      3. ᠲᠡᠭᠦᠰᠬᠡᠯ ᠤᠨ ᠬᠡᠰᠡᠭ᠄ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠲᠠᠮᠠᠭ᠎ᠠ ᠪᠠ ᠡᠳᠦᠷ ᠰᠠᠷ᠎ᠠ ᠠᠴᠠ ᠪᠦᠷᠢᠯᠳᠦᠨ᠎ᠡ᠃        ᠠᠯᠪᠠᠨ ᠵᠠᠷ ᠤᠨ ᠪᠢᠴᠢᠭ ᠬᠠᠷ᠎ᠠ ᠶᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ