ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2018/11/14
     ᠭᠤᠷᠪᠠ᠂ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ      25. ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠪᠣᠯᠣᠨ ᠠᠮᠤᠷ ᠢ ᠬᠠᠮᠠᠭᠠᠯᠠᠬᠤ ᠪᠣᠯᠪᠠᠰᠤᠷᠠᠯ ᠤᠨ ᠪᠠᠶᠢᠭᠤᠯᠭ᠎ᠠ  ᠪᠠᠶᠢᠭᠤᠯᠬᠤ ᠶᠢ ᠦᠨᠡᠯᠡᠵᠦ ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠤᠨ 30 ᠠᠵᠢᠯ ᠤᠨ ᠡᠳᠦᠷ ᠪᠠᠶᠢᠭᠰᠠᠨ ᠢ 20 ᠠᠵᠢᠯ ᠤᠨ ᠡᠳᠦᠷ ᠪᠣᠯᠭᠠᠨ ᠪᠣᠭᠤᠨᠢᠰᠬᠠᠬᠵᠠᠢ᠃      26. ᠠᠵᠤ ᠠᠬᠤᠶᠢᠯᠠᠯ ᠠᠮᠤᠷ ᠢ ᠬᠠᠮᠠᠭᠠᠯᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠬᠢᠯᠭᠡᠬᠦ ︵ᠠᠪᠬᠤ︶ ᠳᠤ᠂ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ ᠵᠡᠷᠭᠡ ᠭᠤᠣᠯ ᠬᠠᠮᠢᠶᠠᠷᠬᠤ ᠠᠵᠢᠯᠲᠠᠨ ᠨᠢ 5 ᠵᠢᠯ ᠠᠴᠠ ᠳᠡᠭᠡᠭᠰᠢᠬᠢ ᠴᠡᠷᠢᠭ᠂ ᠳᠣᠲᠣᠭᠠᠳᠤ ᠶᠢ ᠬᠠᠮᠠᠭᠠᠯᠠᠬᠤ᠂ ᠠᠮᠤᠷ ᠲᠦᠪᠰᠢᠨ᠂ ᠰᠢᠭᠦᠬᠦ᠂ ᠪᠠᠶᠢᠴᠠᠭᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠤᠶᠤ ᠠᠮᠤᠷ ᠢ ᠬᠠᠮᠠᠭᠠᠯᠠᠬᠤ᠂ ᠠᠮᠤᠷ ᠢ ᠬᠠᠮᠠᠭᠠᠯᠠᠬᠤ ᠡᠵᠡᠩᠨᠡᠯᠲᠡ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠶᠢ ᠭᠡᠷᠡᠴᠢᠯᠡᠬᠦ ᠬᠡᠷᠡᠭ ᠦᠭᠡᠢ  ᠮᠥᠷᠲᠡᠭᠡᠨ ᠥᠪᠡᠷ ᠤᠨ ᠪᠡᠶ᠎ᠡ ᠳᠤᠨᠢ ᠡᠷᠡᠭᠦᠦ ᠶᠢᠨ ᠬᠡᠷᠡᠭ ᠢᠶᠠᠷ ᠰᠢᠳᠬᠡᠭᠰᠡᠨ᠂ ᠬᠥᠳᠡᠯᠮᠦᠷᠢ ᠪᠠᠷ ᠵᠠᠰᠠᠨ ᠬᠥᠮᠦᠵᠢᠭᠦᠯᠬᠦ᠂ ᠬᠤᠷᠢᠶᠠᠮᠵᠢᠯᠠᠨ ᠰᠤᠷᠭᠠᠬᠤ᠂ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ ᠵᠣᠭᠰᠣᠭᠠᠭᠰᠠᠨ ᠵᠡᠷᠭᠡ ᠪᠠᠶᠢᠳᠠᠯ ᠣᠷᠣᠰᠢᠬᠤ ᠦᠭᠡᠢ ᠶᠢ ᠭᠡᠷᠡᠴᠢᠯᠡᠬᠦ ᠴᠢᠬᠤᠯᠠ ᠦᠭᠡᠢ᠃ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠶᠡᠷᠦᠩᠬᠡᠶ ᠵᠠᠬᠢᠷᠤᠯ ᠪᠤᠶᠤ ᠳᠡᠳ᠋ ᠶᠡᠷᠦᠩᠬᠡᠢ ᠳᠠᠭᠠᠭᠠᠮᠠᠯ ᠤᠨ ᠭᠤᠣᠯ ᠬᠠᠮᠢᠶᠠᠷᠬᠤ ᠠᠵᠢᠯᠲᠠᠨ ᠨᠢ ᠭᠠᠳᠠᠭᠠᠳᠤ ᠶᠢᠨ ᠬᠥᠮᠦᠨ  ᠪᠠᠶᠢᠭᠰᠠᠨ ᠴᠤ᠂ ᠠᠮᠤᠷ ᠢ ᠬᠠᠮᠠᠭᠠᠯᠠᠬᠤ  ᠬᠠᠮᠢᠶᠠᠷᠬᠤ ᠠᠵᠢᠯ ᠢ 5 ᠵᠢᠯ ᠠᠴᠠ ᠳᠡᠭᠡᠭᠰᠢ ᠬᠢᠭᠰᠡᠨ ︵ᠡᠵᠡᠩᠨᠡᠭᠰᠡᠨ︶ ᠭᠡᠷᠡᠴᠢᠯᠡᠯᠲᠡ ᠶᠢ ᠬᠠᠩᠭᠠᠬᠤ  ᠬᠡᠷᠡᠭ ᠥᠬᠡᠶ᠃      27. ᠠᠵᠤ ᠠᠬᠤᠶᠢᠯᠠᠯ ᠠᠮᠤᠷ ᠢ ᠬᠠᠮᠠᠭᠠᠯᠠᠬᠤ ᠪᠣᠯᠪᠠᠰᠤᠷᠠᠭᠤᠯᠤᠯ ᠤᠨ ᠵᠥᠪᠰᠢᠶᠡᠷᠡᠯ ᠤᠨ ᠦᠨᠡᠮᠯᠡᠯ ᠬᠢᠯᠭᠡᠬᠦ ︵ᠠᠪᠬᠤ︶ ᠭᠤᠶᠤᠴᠢᠯᠠᠯ ᠭᠠᠷᠭᠠᠬᠤ ᠳᠤ᠂ ᠪᠠᠯᠠ ᠣᠷᠣᠭᠤᠯᠤᠭᠴᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠮᠢᠶᠠᠷᠤᠯᠲᠠ ᠶᠢᠨ ᠠᠵᠢᠯᠳᠠᠨ ᠵᠢᠴᠢ ᠪᠠᠭᠰᠢ ᠠᠵᠢᠯᠳᠠᠨ ᠤ ᠵᠣᠷᠢᠭᠤᠳᠠ ᠶᠠᠯ᠎ᠠ ᠬᠢᠭᠰᠡᠨ ᠲᠡᠦᠬᠡ ᠦᠭᠡᠢ ᠭᠡᠷᠡᠴᠢ ᠬᠠᠩᠭᠠᠬᠤ ᠬᠡᠷᠡᠭ ᠦᠭᠡᠢ᠂ ᠪᠣᠯᠪᠠᠰᠤᠷᠠᠯ ᠤᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠪᠣᠯ ᠬᠠᠮᠢᠶ᠎ᠠ ᠪᠦᠬᠦᠢ ᠠᠵᠢᠯ ᠤᠨ  ᠲᠤᠷᠰᠢᠯᠭ᠎ᠠ ᠲᠠᠢ ᠶᠢ ᠭᠡᠷᠡᠴᠢᠯᠡᠬᠦ ᠱᠠᠭᠠᠷᠳᠠᠯᠭ᠎ᠠ ᠥᠬᠡᠶ ᠪᠣᠯᠵᠠᠢ᠃      28. ᠠᠶᠠᠨᠴᠢᠨ ᠤ ᠪᠠᠭᠤᠳᠠᠯ ᠤᠨ ᠦᠢᠯᠡᠰ᠂ ᠳᠠᠨᠵᠢᠯᠠᠬᠤ ᠦᠢᠯᠡᠰ ᠡᠷᠬᠢᠯᠡᠬᠦ ᠵᠡᠷᠭᠡ ᠣᠨᠴᠠ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠣᠯᠭᠤᠬᠤ ᠳᠤ ᠠᠮᠠᠯᠠᠯᠳᠠ ᠬᠢᠬᠦ ᠶᠢ ᠬᠡᠷᠡᠭᠵᠢᠭᠦᠯᠦᠨ᠎ᠡ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠢᠭᠰᠡᠨ ᠠᠮᠠᠯᠠᠯᠲᠠ ᠨᠢ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠪᠥᠭᠡᠳ ᠬᠤᠯᠪᠣᠭᠳᠠᠯ ᠪᠦᠬᠦᠢ ᠮᠠᠲ᠋ᠧᠷᠢᠶᠠᠯ ᠢ  ᠲᠤᠰᠢᠶᠠᠭᠰᠠᠨ ᠪᠣᠯ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠠᠵᠢᠯ ᠡᠷᠬᠢᠯᠡᠬᠦ ᠶᠢ ᠵᠥᠪᠰᠢᠶᠡᠷᠡᠭᠰᠡᠨ ᠦᠨᠡᠮᠯᠡᠯ ᠣᠯᠭᠤᠨ᠎ᠠ᠃ ᠠᠵᠤ ᠠᠬᠤᠶᠢᠯᠠᠯ  ᠳᠠᠨᠵᠢᠯᠠᠬᠤ ᠠᠵᠢᠯ ᠤᠨ ᠣᠨᠴᠠ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠬᠢᠯᠭᠡᠬᠦ ᠭᠤᠶᠤᠴᠢᠯᠠᠯ ᠭᠠᠷᠭᠠᠬᠤ   ᠳᠤ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠤᠪᠢ ᠬᠥᠮᠦᠨ ᠤ ᠬᠤᠪᠢ ᠣᠷᠣᠭᠤᠯᠤᠭᠴᠢ ᠪᠣᠯᠤᠨ ᠪᠤᠰᠤᠳ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠳᠠᠨ ᠤ ᠲᠣᠪᠴᠢ ᠨᠠᠮᠲᠠᠷ᠂ ᠵᠣᠷᠢᠭᠤᠳᠠ ᠶᠠᠯ᠎ᠠ ᠬᠢᠭᠰᠡᠨ ᠲᠡᠥᠭᠡ ᠶᠢᠨ ᠭᠡᠷᠡᠴᠢ ᠪᠠᠷᠢᠮᠳᠠ ᠬᠠᠩᠭᠠᠬᠤ ᠱᠠᠭᠠᠷᠳᠠᠯᠭ᠎ᠠ ᠥᠬᠡᠶ᠃      29. ᠲᠠᠮᠠᠭ᠎ᠠ ᠰᠡᠶᠢᠯᠦᠨ ᠦᠢᠯᠡᠳᠬᠦ ᠦᠢᠯᠡᠰ ᠤᠨ ᠣᠨᠴᠠ ᠠᠵᠢᠯ ᠲᠥᠷᠥᠯ ᠤᠨ ᠵᠥᠪᠰᠢᠶᠡᠷᠡᠯ ᠤᠨ ᠭᠦᠢᠴᠡᠳᠬᠡᠬᠦ ᠴᠠᠭ ᠤᠨ ᠬᠢᠵᠠᠭᠠᠷ ᠢ 7 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ᠃ ᠲᠠᠮᠠᠭ᠎ᠠ ᠰᠡᠶᠢᠯᠦᠨ ᠦᠢᠯᠡᠳᠬᠦ ᠨᠢᠭᠡᠴᠡ ᠠᠴᠠ ᠰᠦᠯᠵᠢᠶᠡᠨ ᠳᠤ ᠣᠷᠣᠬᠤ ᠰᠦᠢᠳᠬᠡᠯ ᠪᠣᠯᠣᠨ ᠦᠢᠯᠡᠴᠢᠯᠡᠭᠡᠨ ᠤ ᠵᠠᠷᠤᠳᠠᠯ ᠬᠤᠷᠢᠶᠠᠬᠤ ᠶᠢ ᠪᠦᠬᠦ ᠲᠠᠯ᠎ᠠ ᠪᠠᠷ ᠵᠣᠭᠰᠣᠭᠠᠵᠤ᠂ ᠠᠯᠪᠠ ᠪᠠᠷ ᠲᠠᠮᠠᠭ᠎ᠠ ᠰᠣᠯᠢᠭᠤᠯᠬᠤ ᠵᠡᠷᠭᠡ ᠶᠢᠨ ᠭᠠᠭᠴᠠᠭᠠᠷ ᠡᠵᠡᠮᠰᠢᠬᠦ ᠡᠵᠡᠩᠨᠡᠯᠲᠡ ᠶᠢ  ᠴᠢᠩᠭ᠎ᠠ ᠴᠠᠭᠠᠵᠠᠯᠠᠨ᠎ᠡ᠃      30. ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠪᠦᠷᠢᠳᠬᠡᠨ ᠳᠠᠩᠰᠠᠯᠠᠬᠤ ᠲᠦᠷᠢᠮ ᠢ ᠬᠡᠷᠡᠭᠵᠢᠭᠦᠯᠵᠦ᠂ ᠠᠯᠪᠠᠨ ᠲᠠᠮᠠᠭ᠎ᠠ ᠰᠡᠶᠢᠯᠦᠨ ᠦᠢᠯᠡᠳᠬᠦ ᠠᠵᠤ ᠠᠬᠤᠶᠢᠯᠠᠯ ᠢ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ ᠥᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ ᠳᠤ ᠬᠠᠮᠤᠷᠴᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ ᠦᠢᠯᠡᠰ ᠢ ᠪᠠᠶᠢᠴᠠᠭᠠᠨ ᠰᠢᠯᠭᠠᠬᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ   ᠠᠴᠠ ᠬᠤᠰᠢᠭᠤ ᠰᠢᠶᠠᠨ ︵ᠬᠤᠲᠠ ᠶᠢᠨ ᠲᠣᠭᠤᠷᠢᠭ︶ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠲᠡᠯ᠎ᠡ ᠳᠣᠷᠣᠭᠰᠢ ᠪᠠᠭᠤᠯᠭᠠᠵᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ ᠭᠦᠢᠴᠡᠳᠬᠡᠬᠦ ᠴᠠᠭ ᠤᠨ ᠬᠢᠵᠠᠭᠠᠷ ᠢ ᠨᠢᠭᠡ ᠠᠵᠢᠯ ᠤᠨ ᠡᠳᠦᠷ ᠪᠣᠯᠭᠠᠨ ᠪᠣᠭᠤᠨᠢᠰᠬᠠᠵᠠᠢ᠃      31. ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠮᠡᠳᠡᠭᠦᠯᠵᠦ ᠳᠠᠩᠰᠠᠯᠠᠭᠤᠯᠬᠤ ᠠᠵᠢᠯ ᠢ ᠲᠠᠮᠠᠭ᠎ᠠ ᠬᠡᠷᠡᠭᠯᠡᠬᠦ ᠨᠢᠭᠡᠴᠡ  ᠭᠦᠢᠴᠡᠳᠬᠡᠬᠦ ᠬᠡᠷᠡᠭ ᠦᠭᠡᠢ᠃ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠠᠪᠬᠤ ᠦᠶ᠎ᠡ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠠᠮᠠᠭ᠎ᠠ ᠰᠡᠶᠢᠯᠵᠦ ᠬᠢᠯᠭᠡᠭᠰᠡᠨ ᠰᠤᠷᠠᠭ ᠵᠠᠩᠭᠢ ᠲᠠᠢ  ᠴᠤᠭ ᠲᠤᠨᠢ ᠬᠠᠮᠲᠤ ᠪᠠᠷ ᠢᠶᠠᠨ ᠡᠳ᠋ᠯᠡᠬᠦ ᠲᠠᠪᠴᠠᠩ ᠳᠤ ᠳᠠᠮᠵᠢᠭᠤᠯᠤᠨ ᠮᠡᠳᠡᠭᠦᠯᠦᠨ᠎ᠡ︔ ᠲᠠᠮᠠᠭ᠎ᠠ ᠶᠢ ᠰᠡᠶᠢᠯᠵᠦ ᠦᠢᠯᠡᠳᠦᠭᠰᠡᠨ ᠨᠢᠭᠡᠴᠡ ᠲᠠᠮᠠᠭ᠎ᠠ ᠶᠢᠨ ᠬᠡᠪ ᠶᠠᠩᠵᠤ᠂ ᠨᠢᠭᠡᠴᠡ ᠶᠢᠨ ᠮᠡᠳᠡᠭᠡ ᠵᠠᠩᠭᠢ ᠵᠡᠷᠭᠡ ᠶᠢ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠠᠯᠪᠠᠨ ᠲᠠᠮᠠᠭ᠎ᠠ ᠬᠡᠷᠡᠭᠯᠡᠬᠦ ᠨᠢᠭᠡᠴᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ  ᠴᠢᠬᠤᠯᠠ ᠦᠭᠡᠢ᠃      32. ᠪᠠᠭᠤᠳᠠᠯ᠂ ᠳᠠᠭᠤᠤ ᠪᠥᠵᠢᠭ᠂ ᠨᠠᠶᠢᠷ ᠨᠠᠭᠠᠳᠤᠮ᠂ ᠰᠢᠲᠠᠷ᠎ᠠ ᠫᠠᠢ᠂ ᠪᠡᠶ᠎ᠡ ᠤᠬᠢᠶᠠᠯᠭ᠎ᠠ᠂ ᠲᠠᠮᠠᠭ᠎ᠠ ᠰᠡᠶᠢᠯᠬᠦ᠂ ᠬᠡᠪᠯᠡᠯ᠂ ᠬᠠᠭᠤᠴᠢᠨ ᠪᠠᠷᠠᠭ᠎ᠠ᠂ ᠮᠠᠰᠢᠨ ᠲᠡᠷᠭᠡ ᠵᠠᠰᠠᠬᠤ᠂ ᠦᠢᠯᠡᠳᠪᠦᠷᠢᠯᠡᠯ ᠤᠨ ᠴᠢᠨᠠᠷᠲᠠᠶ ᠬᠠᠶᠠᠭᠳᠠᠮᠠᠯ ᠬᠠᠭᠤᠴᠢᠨ ᠲᠡᠮᠦᠷᠯᠢᠭ ᠵᠢᠴᠢ ᠭᠡᠷ ᠪᠠᠶᠢᠰᠢᠩ ᠲᠦᠷᠢᠶᠡᠰᠦᠯᠡᠭᠦᠯᠬᠦ ᠵᠡᠷᠭᠡ ᠭᠠᠵᠠᠷ ︵ᠲᠠᠯᠠᠪᠤᠷ︶ ᠪᠤᠶᠤ ᠠᠵᠢᠯ ᠲᠥᠷᠥᠯ ᠤᠨ ᠬᠢᠨ᠂ ᠬᠠᠮᠢᠶ᠎ᠠ ᠪᠦᠬᠦᠢ ᠮᠡᠳᠡᠭᠡ ᠵᠠᠩᠭᠢ  ᠪᠠᠨ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠂ ᠮᠡᠳᠡᠭᠦᠯᠦᠨ ᠬᠦᠷᠭᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ  ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡ ᠠᠵᠢᠯ ᠤᠨ ᠡᠳᠦᠷ ᠤᠨ ᠳᠣᠲᠣᠷ᠎ᠠ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠪᠦᠷᠢᠳᠬᠡᠨ ᠳᠠᠩᠰᠠᠯᠠᠨ᠎ᠡ᠃      33. ᠠᠷᠠᠳ ᠤᠨ ᠬᠡᠷᠡᠭᠯᠡᠭᠡᠨ ᠤ ᠳᠡᠯᠪᠡᠷᠡᠬᠦ  ᠡᠳ᠋  ᠪᠣᠳᠠᠰ  ᠢ  ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ᠂ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ᠂ ᠬᠤᠸᠠᠷ ᠫᠤᠤᠵᠢᠩ ᠲᠡᠭᠡᠭᠡᠪᠦᠷᠢᠯᠡᠬᠦ ᠦᠨᠡᠮᠯᠡᠯ  ᠵᠡᠷᠭᠡ ᠦᠨᠡᠮᠯᠡᠯ ᠢ ᠭᠤᠶᠤᠴᠢᠯᠠᠨ ᠠᠪᠬᠤ  ᠳᠤ᠂ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠢ ᠦᠭᠡᠷᠡᠴᠢᠯᠡᠭᠡᠳ᠂ ᠤᠷᠢᠳᠴᠢᠯᠠᠨ ᠪᠣᠯᠵᠣᠵᠤ᠂  ᠬᠦᠷᠦᠭᠰᠡᠨ ᠤ ᠳᠠᠷᠠᠭ᠎ᠠ ᠳᠠᠮᠡᠢ ᠤᠳᠠᠬᠤ ᠦᠭᠡᠢ  ᠪᠠᠷ ᠭᠦᠢᠴᠡᠳᠬᠡᠵᠤ ᠴᠢᠳᠠᠬᠤ ᠪᠣᠯᠭᠠᠪᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠭᠡᠷ