ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠤᠨ ᠭᠠᠷ ᠭᠦᠢᠴᠡᠳᠬᠡᠯ  ᠤᠨ ᠲᠠᠯ᠎ᠠ ᠪᠠᠷ ᠬᠢ ᠪᠣᠳᠠᠲᠠᠢ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2018/11/9
     ᠬᠤᠶᠠᠷ᠂ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠤᠨ ᠭᠠᠷ ᠭᠦᠢᠴᠡᠳᠬᠡᠯ ᠤᠨ ᠲᠠᠯ᠎ᠠ ᠪᠠᠷ ᠬᠢ ᠪᠣᠳᠠᠲᠠᠢ ᠠᠷᠭ᠎ᠠ ᠬᠡᠮᠵᠢᠶ᠎ᠡ        17. ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠳᠣᠷᠣᠭᠰᠢ ᠪᠡᠶ᠎ᠡ ᠶᠢᠨ ᠦᠨᠡᠮᠯᠡᠯ ᠭᠡᠵᠦ ᠳᠥᠭᠦᠮᠴᠢᠯᠡᠨ᠎ᠡ︶ ᠭᠤᠶᠤᠴᠢᠯᠠᠨ ᠠᠪᠤᠭᠰᠠᠳ ᠠᠴᠠ ᠦᠨᠡᠮᠯᠡᠯ ᠤᠨ ᠥᠪᠡᠷ ᠤᠨ ᠦᠷᠳᠡᠭ ᠤᠨ ᠵᠠᠷᠤᠳᠠᠯ ᠬᠤᠷᠢᠶᠠᠬᠤ ᠦᠭᠡᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠭᠡᠬᠦ ᠴᠠᠭ   ᠤᠨ  ᠬᠢᠵᠠᠭᠠᠷ   ᠢ  ᠪᠠᠭᠠᠰᠬᠠᠬᠤ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠠᠪᠬᠤ ᠴᠠᠭ ᠬᠤᠭᠤᠴᠠᠭ᠎ᠠ ᠪᠠ ᠣᠷᠣᠨ ᠤ ᠳᠣᠲᠣᠷᠠᠬᠢ ᠣᠨᠳᠣᠣ ᠭᠠᠵᠠᠷ ᠤᠨ ᠪᠡᠶ᠎ᠡ ᠶᠢᠨ ᠦᠨᠡᠮᠯᠡᠯ ᠭᠠᠷᠭᠠᠬᠤ ᠴᠠᠭ ᠬᠤᠭᠤᠴᠠᠭ᠎ᠠ ᠶᠢ ᠤᠤᠯ ᠤᠨ 60 ᠡᠳᠦᠷ ︵ᠪᠤᠶᠢᠳᠠ ᠪᠥᠭᠯᠡᠭᠦᠦ ᠣᠷᠣᠨ 90 ᠡᠳᠦᠷ︶ ᠪᠠᠶᠢᠭᠰᠠᠨ ᠢ ᠴᠠᠭ  25  ᠡᠳᠦᠷ ᠪᠣᠯᠭᠠᠨ ᠪᠤᠭᠤᠨᠢᠰᠬᠠᠪᠠ᠃      18. ᠠᠵᠤ ᠠᠬᠤᠶᠢᠯᠠᠯ ᠬᠠᠮᠲᠤ ᠨᠢᠭᠡᠴᠢ ᠶᠢᠨ ᠠᠵᠢᠯᠴᠢᠨ ᠬᠡᠷᠡᠭᠯᠡᠬᠦ᠂ ᠥᠨᠳᠥᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠪᠡᠶ᠎ᠡ ᠶᠢᠨ ᠦᠨᠡᠮᠯᠡᠯ ᠪᠠᠴᠢᠮ ᠬᠡᠷᠡᠭᠯᠡᠬᠦ ᠵᠡᠷᠭᠡ ᠳᠤ ᠵᠣᠷᠢᠭᠤᠯᠤᠨ ᠪᠡᠶ᠎ᠡ ᠶᠢᠨ ᠦᠨᠡᠮᠯᠡᠯ ᠬᠢᠬᠦ ︽ᠲᠦᠭᠦᠮ ᠲᠦᠳᠡ ᠴᠡᠭ︾   ᠢ ᠲᠣᠬᠢᠷᠠᠭᠤᠯᠪᠠ᠃ ᠠᠵᠤ ᠠᠬᠤᠶᠢᠯᠠᠯ   ᠤᠨ ᠬᠠᠮᠲᠤ ᠨᠢᠭᠡᠴᠢ ᠶᠢᠨ ᠠᠵᠢᠯᠴᠢᠨ ᠬᠡᠷᠡᠭᠯᠡᠬᠦ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ  ᠳᠤ ᠣᠷᠣᠯᠴᠠᠬᠤ ᠵᠡᠷᠭᠡ ᠶᠢᠨ ᠪᠡᠶ᠎ᠡ ᠶᠢᠨ ᠦᠨᠡᠮᠯᠡᠯ ᠪᠠᠴᠢᠮ ᠬᠡᠷᠡᠭᠯᠡᠬᠦ ᠴᠢᠬᠤᠯᠠ ᠲᠠᠢ ᠤᠯᠠᠨ ᠲᠦᠮᠡᠨ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠭᠤᠭᠠᠯᠢ ᠠᠷᠠᠳ ᠤᠨ ᠦᠨᠡᠮᠯᠡᠯ ᠪᠤᠶᠤ ᠪᠡᠶ᠎ᠡ ᠶᠢᠨ ᠦᠨᠡᠮᠯᠡᠯ ᠬᠢᠬᠦ ︽ᠲᠥᠬᠦᠮ ᠳᠥᠲᠡ ᠴᠡᠭ︾ ᠢᠶᠠᠷ ᠳᠠᠮᠵᠢᠭᠤᠯᠤᠨ ᠪ᠊ ᠤᠷᠢᠳ ᠢᠶᠠᠷ  ᠬᠦᠯᠢᠶᠡᠨ ᠠᠪᠬᠤ᠂ ᠡᠩ ᠲᠡᠷᠢᠭᠦᠨ ᠳᠤ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠬᠦ᠂ ᠤᠷᠢᠳ ᠢᠶᠠᠷ ᠦᠨᠡᠮᠯᠡᠯ  ᠬᠢᠯᠭᠡᠵᠦ  ᠳᠠᠷᠤᠢ ᠲᠦᠷᠭᠡᠨ ᠦᠨᠡᠮᠯᠡᠯ ᠢᠶᠠᠨ ᠭᠠᠷᠭᠠᠨ  ᠠᠪᠴᠤ ᠪᠣᠯᠬᠤ ᠮᠥᠷᠲᠡᠭᠡᠨ  ᠂ ᠮᠠᠰᠢ ᠪᠠᠴᠢᠮ ᠪᠡᠶ᠎ᠡ ᠶᠢᠨ ᠦᠨᠡᠮᠯᠡᠯ ᠬᠡᠷᠡᠭᠯᠡᠬᠦ ᠴᠢᠬᠤᠯᠠᠲᠠᠢ ᠦᠶ᠎ᠡ ᠳᠤ᠂  ᠭᠤᠶᠤᠴᠢᠯᠠᠭᠰᠠᠨ ᠡᠳᠦᠷ ᠲᠡᠭᠡᠨ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠠᠷᠭᠠᠨ ᠠᠪᠴᠤ ᠪᠣᠯᠣᠨ᠎ᠠ᠃      19. ᠰᠠᠭᠤᠭᠠᠯᠢ ᠠᠷᠠᠳ ᠥᠪᠡᠷ ᠤᠨ ᠰᠠᠭᠤᠭ᠎ᠠ ᠭᠠᠵᠠᠷ ᠠᠴᠠ ᠬᠠᠮᠤᠭ ᠣᠶᠢᠷᠠᠬᠠᠨ ᠪᠠᠶᠢᠭ᠎ᠠ ᠬᠤᠲᠠ ᠶᠢᠨ ᠳᠤᠷ᠎ᠠ ᠶᠢᠨ ᠨᠢᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ ᠬᠦᠷᠴᠦ᠂  ᠭᠡᠭᠡᠭᠰᠡᠨ ᠪᠡᠶ᠎ᠡ ᠶᠢᠨ ᠦᠨᠡᠮᠯᠡᠯ ᠢᠶᠠᠨ ᠨᠥᠬᠦᠵᠦ ᠠᠪᠬᠤ᠂ ᠬᠦᠴᠦᠨ ᠪᠦᠬᠦᠢ ᠬᠤᠭᠤᠴᠠᠭ᠎ᠠ ᠨᠢ ᠳᠠᠭᠤᠰᠤᠭᠰᠠᠨ ᠦᠨᠡᠮᠯᠡᠯ ᠢᠶᠠᠨ ᠰᠣᠯᠢᠵᠤ ᠠᠪᠬᠤ᠂  ᠡᠪᠳᠡᠷᠡᠭᠰᠡᠨ ᠦᠨᠡᠮᠯᠡᠯ ᠢᠶᠠᠨ ᠰᠢᠨ᠎ᠡ ᠪᠠᠷ ᠰᠣᠯᠢᠵᠤ ᠠᠪᠬᠤ ᠠᠵᠢᠯ ᠤᠳ ᠢ ᠭᠦᠢᠴᠡᠳᠬᠡᠵᠦ ᠪᠣᠯᠣᠨ᠎ᠠ᠃       20. ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠤᠭᠰᠠᠨ ᠦᠶ᠎ᠡ ᠳᠤ ᠰᠠᠨᠠᠭᠤᠯᠬᠤ ᠦᠢᠯᠡᠴᠢᠯᠡᠭᠡ ᠶᠢ ᠬᠠᠩᠭᠠᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠲᠤᠯᠬᠤ ︵ᠳᠠᠭᠤᠰᠬᠤ︶ ᠠᠴᠠ 3 ᠰᠠᠷ᠎ᠠ ᠶᠢᠨ ᠡᠮᠦᠨ᠎ᠡ  ᠪᠣᠯᠣᠨ ᠬᠦᠴᠦᠨ ᠪᠦᠬᠦᠢ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠪᠡᠶ᠎ᠡ ᠶᠢᠨ ᠦᠨᠡᠮᠯᠡᠯ ᠢᠶᠠᠨ ᠮᠥᠨ ᠯᠡ ᠰᠣᠯᠢᠵᠤ ᠠᠪᠬᠤ ᠭᠠᠷ ᠭᠦᠢᠴᠡᠳᠬᠡᠯ ᠬᠢᠭᠰᠡᠨ ᠦᠭᠡᠢ ᠤᠯᠠᠨ ᠲᠦᠮᠡᠨ ᠳᠤ ᠭᠠᠷ ᠤᠲᠠᠰᠤᠨ ᠤ ᠣᠬᠤᠷ ᠮᠡᠳᠡᠭᠡ ᠶᠠᠪᠤᠭᠤᠯᠵᠤ ᠰᠠᠨᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠦᠨᠡᠮᠯᠡᠯ ᠨᠢ ᠬᠤᠭᠤᠴᠠᠭ᠎ᠠ ᠬᠡᠲᠦᠷᠡᠭᠰᠡᠨ ᠠᠴᠠ ᠪᠣᠯᠵᠤ ᠳᠥᠭᠦᠮ ᠦᠭᠡᠢ ᠪᠠᠶᠢᠳᠠᠯ ᠳᠤ ᠤᠴᠠᠷᠠᠬᠤ ᠠᠴᠠ ᠰᠡᠷᠭᠡᠶᠢᠯᠡᠨ᠎ᠡ᠃      21.  ᠰᠠᠭᠤᠭᠠᠯᠢ ᠠᠷᠠᠳ ᠤᠨ ᠦᠨᠡᠮᠯᠡᠯ ᠣᠯᠭᠤᠬᠤ ᠡᠷᠬᠡ ᠶᠢᠨ ᠬᠡᠪᠴᠢᠶ᠎ᠡ ᠶᠢ ᠬᠤᠰᠢᠭᠤ ᠰᠢᠶᠠᠨ ︵ᠲᠣᠭᠤᠷᠢᠭ︶  ᠤ  ᠳᠣᠲᠣᠭᠠᠳᠤ  ᠶᠢ  ᠬᠠᠮᠠᠭᠠᠯᠠᠬᠤ ︵ᠬᠤᠪᠢᠶᠠᠷᠢ︶ ᠲᠣᠪᠴᠢᠶ᠎ᠠ ᠬᠦᠷᠲᠡᠯ᠎ᠡ ᠥᠷᠭᠡᠳᠬᠡᠵᠦ ︵ᠲᠠᠯᠪᠢᠵᠤ︶᠂ ᠰᠠᠭᠤᠭᠠᠯᠢ ᠠᠷᠠᠳ ᠤᠨ ᠦᠨᠡᠮᠯᠡᠯ ᠢ ᠭᠤᠶᠤᠴᠢᠯᠠᠨ  ᠠᠪᠴᠤ ᠪᠣᠯᠬᠤ ᠴᠠᠭ ᠬᠤᠭᠤᠴᠠᠭ᠎ᠠ ᠶᠢ ᠤᠤᠯ ᠤᠨ 30 ᠡᠳᠦᠷ ᠠᠴᠠ 5 ᠠᠵᠢᠯ ᠤᠨ ᠡᠳᠦᠷ ᠪᠣᠯᠭᠠᠨ ᠪᠣᠭᠤᠨᠢᠰᠬᠠᠵᠠᠢ᠃      22. ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠤ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠬᠠᠩᠭᠠᠭᠰᠠᠨ ᠤ ᠳᠠᠷᠠᠭ᠎ᠠ ᠰᠢᠭᠤᠳ ᠭᠤᠶᠤᠴᠢᠯᠠᠨ ᠠᠪᠴᠤ ᠪᠣᠯᠣᠨ᠎ᠠ᠃ ᠡᠷᠤᠭᠡ ᠠᠮᠠ ᠶᠢᠨ ︵ᠲᠠᠩᠰᠠ ᠶᠢᠨ︶ ᠳᠡᠪᠲᠡᠷ ᠵᠡᠷᠭᠡ ᠪᠤᠰᠤᠳ ᠬᠦᠴᠦᠨ ᠪᠦᠬᠦᠢ ᠭᠡᠷᠡᠴᠢ ᠶᠢ ᠬᠠᠩᠭᠠᠬᠤ  ᠴᠢᠬᠤᠯᠠ ᠥᠬᠡᠶ᠂  ᠪᠠᠷᠢᠨ ᠳᠣᠣᠷ᠎ᠠ ᠨᠢ ᠳᠡᠮᠡᠢ ᠤᠳᠠᠯ ᠦᠭᠡᠢ ᠦᠨᠡᠮᠯᠡᠯ  ᠢᠶᠠᠨ ᠭᠠᠷᠭᠠᠨ ᠠᠪᠴᠤ ᠴᠢᠳᠠᠨ᠎ᠠ᠃      23.  ᠪᠦᠬᠦ ᠣᠷᠣᠨ ᠤ ᠡᠯ᠎ᠡ ᠨᠢᠰᠬᠡᠯ ᠤᠨ ᠲᠠᠯᠠᠪᠤᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠤᠨ ᠭᠡᠷᠡᠴᠢᠯᠡᠯ ᠬᠢᠬᠦ  ᠴᠡᠭ ᠭᠠᠷᠭᠠᠨ᠂ ᠤᠯᠠᠨ ᠲᠦᠮᠡᠨ ᠤ ᠨᠢᠰᠬᠡᠯ ᠳᠤ ᠰᠠᠭᠤᠬᠤ ᠵᠡᠷᠭᠡ ᠪᠠᠶᠢᠳᠠᠯ ᠳᠤ ᠪᠡᠶ᠎ᠡ ᠶᠢᠨ ᠢᠷᠠᠯ ᠭᠠᠷᠤᠯ ᠤᠨ ᠭᠡᠷᠡᠴᠢᠯᠡᠭᠡ ᠬᠢᠵᠦ᠂  ᠲᠡᠳᠡᠨ ᠤ ᠶᠠᠪᠤᠵᠤ ᠰᠠᠭᠤᠬᠤ ᠳᠤ ᠠᠯᠢ ᠴᠢᠳᠠᠬᠤ ᠪᠠᠷ ᠳᠦᠭᠦᠮ ᠦᠵᠡᠭᠦᠯᠦᠨ᠎ᠡ᠃      24. ︽ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠪᠠ ᠲᠠᠷᠬᠠᠭᠠᠬᠤ ᠠᠷᠭ᠎ᠠ︾ ᠶᠢ ᠦᠨᠳᠦᠰᠦᠯᠡᠨ᠂ ᠦᠨᠡᠮᠯᠡᠯ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠬᠦ ᠮᠠᠨ ᠤ ᠣᠷᠣᠨ ᠳᠤ ᠠᠵᠢᠯᠯᠠᠵᠤ᠂ ᠰᠤᠷᠤᠯᠴᠠᠵᠤ᠂  ᠠᠮᠢᠳᠤᠷᠠᠵᠤ ᠪᠠᠶᠢᠭ᠎ᠠ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠲᠤ ᠰᠠᠭᠤᠭᠠᠯᠢ ᠠᠷᠠᠳ ᠤᠨ ᠦᠨᠡᠮᠯᠡᠯ ᠣᠯᠭᠤᠨ᠎ᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠭᠡᠷ