ᠬᠠᠣᠯᠢ ᠲᠦᠷᠢᠮ ᠤᠨ ᠲᠣᠪᠴᠢᠶ᠎ᠠ
ᠨᠡᠶᠢᠲᠡᠯᠡᠭᠰᠡᠨ ᠴᠠᠭ᠄
2018/12/19
           ᠬᠠᠣᠯᠢ ᠲᠦᠷᠢᠮ ᠤᠨ ᠲᠣᠪᠴᠢᠶ᠎ᠠ ᠵᠢᠴᠢ ᠲᠡᠭᠦᠨ ᠤ ᠡᠷᠬᠡ ᠲᠣᠰᠢᠶᠠᠯ᠄      ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠠᠣᠯᠢ ᠬᠡᠷᠡᠭᠵᠢᠭᠦᠯᠬᠦ ᠶᠢ ᠲᠦᠷᠢᠮᠵᠢᠭᠦᠯᠬᠦ ᠪᠦᠲᠦᠭᠡᠨ ᠪᠠᠶᠢᠭᠤᠯᠣᠯᠲᠠ ᠪᠠ ᠬᠠᠣᠯᠢ ᠪᠠᠷ ᠵᠠᠰᠠᠬᠤ ᠳᠣᠲᠣᠭᠠᠳᠣ ᠶᠢ ᠬᠠᠮᠠᠭᠠᠯᠠᠬᠤ ᠪᠦᠲᠦᠭᠡᠨ ᠪᠠᠶᠢᠭᠤᠯᠣᠯᠲᠠ ᠶᠢᠨ ᠠᠵᠢᠯ ᠢ ᠲᠣᠯᠣᠭᠠᠶᠢᠯᠠᠨ ᠬᠠᠷᠢᠭᠤᠴᠠᠨ᠎ᠠ᠃ ᠳᠣᠲᠣᠭᠠᠳᠣ ᠶᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠭᠠᠵᠠᠷ ᠣᠷᠣᠨ ᠤ ᠴᠢᠨᠠᠷᠲᠠᠢ ᠬᠠᠣᠯᠢ ᠲᠣᠭᠲᠠᠭᠠᠯ᠂ ᠲᠦᠷᠢᠮ ᠲᠣᠭᠲᠠᠭᠠᠯ ᠪᠠ ᠳᠦᠷᠢᠮᠵᠢᠯ ᠤᠨ ᠪᠢᠴᠢᠭ ᠢ ᠵᠢᠷᠣᠭᠯᠠᠨ ᠬᠢᠨᠠᠨ ᠲᠣᠭᠲᠠᠭᠠᠬᠤ ᠠᠵᠢᠯ ᠳᠤ ᠣᠷᠣᠯᠴᠠᠬᠤ᠂ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠣ ᠳᠤ ᠪᠠᠨ ᠬᠠᠣᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠳᠣᠲᠣᠭᠠᠳᠣ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠭᠦᠢᠴᠡᠳᠬᠡᠬᠦ ᠬᠠᠣᠯᠢ ᠴᠠᠭᠠᠵᠠ ᠶᠢᠨ ᠬᠢᠨᠠᠨ ᠰᠢᠯᠭᠠᠯᠲᠠ᠂ ᠬᠠᠣᠯᠢ ᠴᠠᠭᠠᠵᠠ ᠶᠢᠨ ᠠᠯᠪᠠᠨ ᠪᠢᠴᠢᠭ ᠤᠨ ᠠᠵᠢᠯ ᠢ ᠡᠭᠦᠷᠭᠡᠯᠡᠨ᠎ᠡ᠃ ᠳᠣᠲᠣᠭᠠᠳᠣ ᠶᠢ ᠬᠠᠮᠠᠭᠠᠯᠠᠬᠤ ᠲᠢᠩᠬᠢᠮ ᠤᠨ ᠵᠠᠰᠠᠭ ᠵᠠᠬᠢᠷᠭᠠᠨ ᠤ ᠵᠠᠷᠭᠤ᠂ ᠭᠡᠷᠡᠴᠢᠯᠡᠯᠲᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠣᠯᠣᠰ ᠠᠴᠠ ᠲᠦᠯᠦᠪᠦᠷᠢ ᠦᠭᠭᠦ᠂ ᠡᠷᠡᠭᠦᠦ ᠶᠢᠨ ᠬᠡᠷᠡᠭ ᠢ ᠳᠠᠬᠢᠨ ᠵᠦᠪᠯᠡᠵᠦ ᠳᠠᠬᠢᠨ ᠬᠢᠨᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ