ᠪᠠᠶᠢᠳᠠᠯ ᠤᠨ ᠮᠡᠳᠡᠭᠡᠯᠡᠯ ᠤᠨ ᠬᠡᠯᠪᠡᠷᠢ
ᠨᠡᠶᠢᠲᠡᠯᠡᠭᠰᠡᠨ ᠴᠠᠭ᠄
2018/12/24
     ᠮᠡᠳᠡᠭᠡᠯᠡᠯ ᠪᠢᠴᠢᠬᠦ ᠳᠤ ᠠᠩᠬᠠᠷᠬᠤ ᠵᠦᠢᠯ ᠤᠳ᠄      1. ᠴᠢᠳᠠᠮᠵᠢ ᠶᠢᠨ ᠬᠦᠲᠦᠯᠦᠨ ᠵᠢᠯᠣᠭᠤᠳᠬᠤ ᠴᠢᠨᠠᠷ᠃ ᠬᠦᠬᠢᠭᠦᠯᠬᠦ ᠴᠢᠨᠠᠷᠲᠠᠢ ᠮᠡᠳᠡᠭᠡᠯᠡᠯ᠂ ᠰᠢᠭᠦᠮᠵᠢᠯᠡᠬᠦ ᠴᠢᠨᠠᠷᠡᠲᠡᠢ ᠮᠡᠳᠡᠭᠡᠯᠡᠯ ᠪᠣᠶᠣ ᠪᠠᠶᠢᠳᠠᠯ ᠤᠨ ᠮᠡᠳᠡᠭᠡᠯᠡᠯ ᠨᠢ ᠴᠦᠮ ᠲᠣᠰᠬᠠᠢ ᠬᠡᠪᠴᠢᠶᠠᠨ ᠳᠣᠲᠣᠷᠠᠬᠢ ᠪᠠᠶᠢᠭᠤᠯᠭ᠎ᠠ ᠪᠣᠶᠣ ᠬᠤᠪᠢ ᠬᠦᠮᠦᠨ ᠳᠤ ᠵᠢᠱᠢᠶ᠎ᠡ ᠦᠵᠡᠭᠦᠯᠬᠦ᠂ ᠬᠦᠮᠦᠵᠢᠭᠦᠯᠬᠦ ᠡᠰᠡᠪᠡᠯ ᠠᠩᠬᠠᠷᠣᠭᠤᠯᠣᠨ ᠰᠡᠷᠡᠮᠵᠢᠯᠡᠭᠦᠯᠬᠦ ᠦᠢᠯᠡᠳᠦᠯ ᠲᠠᠢ᠂ ᠳᠠᠷᠣᠢ ᠮᠡᠳᠡᠭᠡᠯᠡᠯ ᠪᠣᠯ ᠢᠯᠡᠳᠲᠡ ᠰᠣᠷᠭᠠᠨ ᠬᠦᠮᠦᠵᠢᠭᠦᠯᠬᠦ ᠦᠢᠯᠡᠳᠦᠯ ᠲᠠᠢ᠂ ᠴᠡᠭᠡᠷᠯᠡᠯ ᠪᠠ ᠱᠠᠭᠠᠷᠳᠠᠯᠭ᠎ᠠ ᠳᠣᠷᠠᠳᠬᠤ ᠠᠷᠭ᠎ᠠ ᠮᠠᠶ᠋ᠢᠭ ᠢᠶᠠᠷ ᠬᠦᠲᠦᠯᠦᠨ ᠵᠢᠯᠤᠭᠤᠳᠣᠨ᠎ᠠ᠃      2. ᠠᠭᠤᠯᠭ᠎ᠠ ᠶᠢᠨ ᠨᠡᠶᠢᠲᠡᠯᠢᠭ ᠴᠢᠨᠠᠷ᠃ ᠮᠡᠳᠡᠭᠡᠯᠡᠯ ᠪᠣᠯ ᠨᠡᠶᠢᠲᠡᠯᠢᠭ ᠪᠣᠳᠠᠳᠣ ᠵᠢᠱᠢᠶ᠎ᠡ ᠪᠠᠷ ᠳᠠᠮᠵᠢᠨ ᠰᠡᠩᠬᠡᠷᠡᠭᠦᠯᠬᠦ ᠬᠡᠯᠪᠡᠷᠢ ᠶᠢᠨ ᠰᠣᠷᠭᠠᠨ ᠬᠦᠮᠦᠵᠢᠭᠦᠯᠬᠦ ᠵᠣᠷᠢᠯᠭ᠎ᠠ ᠳᠤ ᠬᠦᠷᠴᠦ᠂ ᠬᠦᠮᠦᠰ ᠲᠤ ᠶᠠᠮᠠᠷ ᠠᠰᠠᠭᠤᠳᠠᠯ ᠢ ᠠᠩᠬᠠᠷᠬᠤ᠂ ᠶᠠᠮᠠᠷ ᠵᠣᠷᠢᠭ ᠰᠠᠨᠠᠭ᠎ᠠ ᠶᠢ ᠣᠯᠠᠮᠵᠢᠯᠠᠨ ᠳᠡᠯᠭᠡᠷᠡᠭᠦᠯᠬᠦ᠂ ᠶᠠᠮᠠᠷ ᠬᠡᠯᠪᠡᠶᠢᠯᠡᠯ ᠤᠨ ᠦᠵᠡᠭᠳᠡᠯ ᠢ ᠲᠡᠪᠴᠢᠬᠦ ᠴᠢᠬᠤᠯᠠᠲᠠᠢ ᠭᠡᠵᠦ ᠰᠡᠷᠡᠮᠵᠢᠯᠡᠭᠦᠯᠦᠨ᠂ ᠡᠭᠦᠨ ᠢᠶᠠᠷ ᠳᠠᠮᠵᠢᠨ ᠠᠵᠢᠯ ᠢᠶᠠᠨ ᠲᠦᠯᠬᠢᠨ ᠠᠭᠢᠭᠤᠯᠬᠤ ᠪᠠ ᠰᠠᠶᠢᠵᠢᠷᠠᠭᠤᠯᠣᠨ᠎ᠠ᠃ ᠮᠡᠳᠡᠭᠡᠯᠡᠯ ᠤᠨ ᠠᠭᠤᠯᠭ᠎ᠠ ᠡᠷᠬᠡᠪᠰᠢ ᠴᠢᠬᠤᠯᠠ ᠮᠦᠷᠲᠡᠭᠡᠨ ᠨᠡᠶᠢᠳᠡᠯᠢᠭ ᠪᠠᠶᠢᠬᠤ ᠬᠡᠷᠡᠭᠲᠡᠢ᠃      3. ᠪᠣᠳᠠᠳᠣ ᠬᠡᠷᠡᠭ ᠤᠨ ᠣᠨᠣᠪᠴᠢᠳᠣ ᠴᠢᠨᠠᠷ᠃ ᠮᠡᠳᠡᠭᠡᠯᠡᠯ ᠤᠨ ᠠᠭᠤᠯᠭ᠎ᠠ ᠨᠢ ᠡᠷᠬᠡᠪᠰᠢ ᠪᠣᠳᠠᠳᠣ ᠬᠡᠷᠡᠭ ᠢᠶᠠᠷ ᠦᠨᠳᠦᠰᠦᠯᠡᠯ ᠪᠣᠯᠭᠠᠬᠤ ᠪᠦᠭᠡᠳ ᠮᠡᠳᠡᠭᠡᠯᠡᠭᠰᠡᠨ ᠪᠣᠳᠠᠲᠣ ᠬᠡᠷᠡᠭ ᠨᠢ ᠡᠷᠬᠡᠪᠰᠢ ᠣᠨᠣᠪᠴᠢᠲᠠᠢ᠂ ᠦᠨᠡᠨ ᠪᠣᠳᠠᠳᠠᠢ ᠪᠠᠶᠢᠬᠤ ᠶᠢ ᠪᠠᠲᠣᠯᠠᠬᠤ ᠬᠡᠷᠡᠭᠲᠡᠢ᠃      4. ᠮᠡᠳᠡᠭᠡᠯᠡᠨ ᠨᠡᠶᠢᠲᠡᠯᠡᠬᠦ ᠴᠠᠭ ᠲᠣᠬᠠᠶᠢᠴᠢ ᠴᠢᠨᠠᠷ᠃ ᠲᠡᠷᠢᠭᠦᠨ ᠤ ᠦᠢᠯᠡ ᠶᠢ ᠬᠦᠬᠢᠭᠦᠯᠦᠨ ᠰᠠᠶᠢᠰᠢᠶᠠᠬᠤ᠂ ᠪᠣᠷᠣᠭᠤ ᠬᠡᠷᠡᠭ ᠢ ᠰᠢᠭᠦᠮᠵᠢᠯᠡᠬᠦ᠂ ᠡᠰᠡᠪᠡᠯ ᠵᠣᠷᠢᠭ ᠰᠠᠨᠠᠭ᠎ᠠ ᠶᠢ ᠣᠯᠠᠮᠵᠢᠯᠠᠨ ᠳᠡᠯᠭᠡᠷᠡᠭᠦᠯᠬᠦ ᠪᠠ ᠮᠡᠳᠡᠭᠡ ᠵᠠᠩᠬᠢ ᠳᠠᠮᠵᠢᠭᠤᠯᠬᠤ ᠳᠤ ᠴᠦᠮ ᠡᠷᠬᠡᠪᠰᠢ ᠴᠠᠭ ᠲᠣᠬᠢᠶᠠᠯ ᠢ ᠠᠳᠬᠤᠨ᠂ ᠴᠠᠭ ᠲᠣᠬᠠᠢ ᠳᠤ ᠨᠢ ᠮᠡᠳᠡᠭᠡᠯᠡᠬᠦ ᠬᠡᠷᠡᠭᠲᠡᠢ᠂ ᠵᠦᠪᠬᠡᠨ ᠢᠩᠬᠢᠪᠡᠯ ᠰᠠᠶ᠋ᠢ ᠮᠡᠳᠡᠭᠡᠯᠡᠯ ᠤᠨ ᠰᠣᠷᠭᠠᠨ ᠬᠦᠮᠦᠵᠢᠭᠦᠯᠬᠦ ᠪᠠ ᠵᠢᠭᠠᠨ ᠵᠢᠯᠣᠭᠤᠳᠬᠤ ᠦᠢᠯᠡᠳᠦᠯ ᠢ ᠪᠠᠳᠠᠷᠠᠭᠤᠯᠵᠣ᠂ ᠴᠠᠭ ᠬᠤᠭᠤᠴᠠᠭ᠎ᠠ ᠠᠴᠠ ᠪᠠᠨ ᠬᠡᠳᠦᠷᠡᠪᠡᠯ ᠮᠡᠳᠡᠭᠡᠯᠡᠯ ᠨᠢ ᠣᠳᠬ᠎ᠠ ᠠᠭᠤᠯᠭ᠎ᠠ ᠦᠭᠡᠢ ᠪᠣᠯᠣᠨ᠎ᠠ᠃      ᠮᠡᠳᠡᠭᠡᠯᠡᠯ ᠤᠨ ᠬᠡᠯᠪᠡᠷᠢ ᠶᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ