ᠥᠪᠥᠷ ᠮᠣᠩᠭᠤᠯ ᠣᠷᠣᠨ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠪᠠ
ᠨᠡᠶᠢᠲᠡᠯᠡᠭᠰᠡᠨ ᠴᠠᠭ᠄
2019/1/24
      ᠥᠪᠥᠷ ᠮᠣᠩᠭᠤᠯ ᠣᠷᠣᠨ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠪᠠ     ᠣᠶᠢᠷ᠎ᠠ ᠳᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ《 ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ ᠡᠷᠦᠭᠡ ᠠᠮᠠ ᠶᠢᠨ ᠳᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ》 ᠢ ᠳᠣᠷᠣᠭᠰᠢ ᠪᠠᠭᠤᠯᠭᠠᠵᠤ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠠᠬᠢᠭᠤᠯᠵᠤ᠂ ᠪᠠᠶᠢᠩᠭᠤ ᠣᠷᠣᠰᠢᠨ ᠰᠠᠭᠤᠬᠤ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠪᠠᠷ ᠦᠨᠳᠦᠰᠦᠨ ᠬᠡᠯᠪᠡᠷᠢ ᠪᠣᠯᠭᠠᠭᠰᠠᠨ ᠡᠷᠦᠬᠡ ᠠᠮᠠ ᠶᠢᠨ ᠳᠠᠩᠰᠠᠯᠠᠯᠲᠠ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ ᠭᠡᠵᠦ ᠳᠤᠷᠠᠳᠴᠠᠢ᠃      ᠰᠠᠨᠠᠯ ᠳᠤ ᠳᠤᠷᠠᠳᠤᠭᠰᠠᠨ ᠨᠢ᠂ ᠡᠷᠦᠭᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢᠨ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠪᠤᠶᠤ ᠠᠵᠢᠯ ᠣᠯᠣᠭᠰᠠᠨ ᠭᠠᠵᠠᠷ ᠲᠠᠭᠠᠨ ᠡᠷᠦᠭᠡ ᠠᠮᠠ ᠣᠷᠣᠬᠤ ᠶᠢ ᠵᠥᠪᠰᠢᠶᠡᠷᠡᠨ᠎ᠡ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠪᠠ ᠴᠡᠷᠢᠭ ᠲᠤ ᠡᠯᠰᠡᠭᠳᠡᠵᠦ ᠬᠤᠲᠠ ᠪᠠᠯᠭᠠᠰᠤᠨ ᠳᠤ ᠣᠷᠣᠭᠰᠠᠨ ᠬᠥᠮᠥᠨ ᠠᠮᠠ ᠶᠢᠨ ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ ᠤᠨ ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠂ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠳᠤ ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠂ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ ᠪᠥᠭᠡᠮᠨᠡᠷᠡᠯ ᠳᠤ ᠡᠷᠦᠭᠡ ᠠᠮᠠ ᠶᠢ ᠴᠢᠯᠦᠭᠡᠲᠡᠢ ᠰᠢᠯᠵᠢᠭᠦᠯᠬᠦ ᠳᠦᠷᠢᠮ ᠢ ᠬᠡᠷᠡᠭᠵᠢᠭᠦᠯᠦᠨ᠎ᠡ᠃ ᠡᠭᠦᠨ ᠳᠤ᠂ ᠬᠤᠲᠠ᠂ ᠪᠠᠶᠢᠭᠤᠯᠤᠯᠲᠦ ᠪᠠᠯᠭᠠᠰᠤᠨ ᠳᠤ ᠰᠠᠭᠤᠷᠢᠰᠢᠨ ᠠᠮᠢᠳᠤᠷᠠᠵᠤ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠬᠥᠮᠥᠨ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠭᠰᠡᠨ ᠢ ᠪᠠᠭᠲᠠᠭᠠᠨ᠎ᠠ︶ ᠶᠢᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠢ ᠠᠵᠢᠯ ᠤᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠬᠥᠮᠥᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠲᠠ᠂ ᠪᠠᠶᠢᠭᠤᠯᠤᠯᠲᠤ ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠤᠶᠤ ᠬᠠᠤᠯᠢ ᠶᠣᠰᠣᠨ ᠤ ᠲᠣᠭᠲᠠᠪᠤᠷᠢᠲᠠᠢ ᠠᠵᠢᠯ ᠲᠠᠢ ᠪᠠᠶᠢᠪᠠᠯ᠂ ᠲᠤᠰ  ᠬᠥᠮᠥᠨ  ᠵᠢᠴᠢ  ᠬᠠᠮᠲᠤ  ᠠᠮᠢᠳᠤᠷᠠᠵᠤ  ᠪᠠᠶᠢᠭ᠎ᠠ  ᠬᠤᠯᠪᠤᠰᠤ᠂ ᠣᠶᠢᠷ᠎ᠠ ᠬᠡᠦᠬᠡᠳ᠂ ᠣᠮᠪᠣᠯᠣ ︵ᠵᠢᠭᠡ ᠣᠮᠪᠣᠯᠣ ︶ ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠨᠢ ᠰᠠᠭᠤᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ ᠲᠠᠭᠠᠨ ᠪᠠᠶᠢᠩᠭᠤ ᠡᠷᠦᠭᠡ ᠠᠮᠠ ᠳᠠᠩᠰᠠᠯᠠᠭᠤᠯᠬᠤ ᠪᠠᠷ ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠵᠤ ᠦᠭᠡᠢ᠃ ᠲᠠᠷᠢᠶᠠᠯᠠᠬᠤ ᠮᠠᠯᠵᠢᠬᠤ ᠣᠷᠣᠨ ᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠭᠰᠠᠨ ᠰᠤᠷᠤᠭᠴᠢᠳ᠂ ᠲᠤᠰ ᠬᠥᠮᠥᠨ ᠤ ᠬᠦᠰᠡᠯ ᠤᠨ ᠶᠣᠰᠣᠭᠠᠷ᠂ ᠰᠤᠷᠭᠠᠭᠤᠯᠢ ᠳᠤ ᠣᠷᠣᠬᠤ ᠦᠶ᠎ᠡ ᠳᠡᠭᠡᠨ ᠪᠤᠶᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠡᠷᠦᠭᠡ ᠠᠮᠠ ᠪᠠᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠠᠨ ᠬᠠᠮᠲᠤ ᠶᠢᠨ ᠡᠷᠦᠭᠡ ᠳᠤ ᠰᠢᠯᠵᠢᠭᠦᠯᠦᠨ ᠣᠷᠣᠭᠤᠯᠵᠤ ᠪᠣᠯᠣᠨ᠎ᠠ᠃ ᠰᠤᠷᠤᠯᠭ᠎ᠠ ᠲᠡᠭᠦᠰᠦᠭᠰᠡᠨ ᠤ ᠳᠠᠷᠠᠭ᠎ᠠ᠂ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠡᠷᠦᠭᠡ ᠠᠮᠠ ᠪᠠᠨ ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ︵ᠠᠳᠠᠯ ᠦᠢᠯᠡᠰ ᠴᠣᠭᠴᠠᠯᠠᠭᠰᠠᠨ︶ ᠭᠠᠵᠠᠷ ᠪᠤᠶᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠭᠡ ᠠᠮᠠ ᠶᠢᠨ ᠳᠠᠩᠰᠠ ᠶᠢᠨ ᠭᠠᠵᠠᠷ ᠲᠠᠭᠠᠨ ᠰᠢᠯᠵᠢᠭᠦᠯᠵᠦ ᠪᠣᠯᠣᠨ᠎ᠠ᠃ ᠴᠡᠷᠢᠭ ᠤᠨ ᠠᠯᠪᠠ ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠠᠯᠪᠠᠨ ᠵᠢᠷᠤᠮ ᠤᠨ ᠴᠡᠷᠢᠭ ᠪᠠ ᠪᠠᠭ᠎ᠠ ᠤᠹᠢᠽᠧᠷ ᠪᠣᠯ᠂ ᠲᠤᠰ ᠬᠥᠮᠥᠨ ᠤ ᠬᠦᠰᠡᠯ ᠶᠣᠰᠣᠭᠠᠷ᠂ ᠪᠠᠶᠢᠩᠭᠤ ᠰᠠᠭᠤᠭ᠎ᠠ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠵᠠᠷᠴᠢᠮ ᠶᠣᠰᠣᠭᠠᠷ᠂ ᠣᠳᠣᠬᠠᠨ ᠤ ᠪᠣᠳᠠᠲᠠᠢ ᠰᠠᠭᠤᠷᠢᠰᠢᠨ ᠠᠮᠢᠳᠤᠷᠠᠵᠤ ᠪᠠᠶᠢᠭ᠎ᠠ ᠬᠤᠲᠠ᠂ ᠪᠠᠶᠢᠭᠤᠯᠤᠯᠲᠤ ᠪᠠᠯᠭᠠᠰᠤ ᠳᠠᠭᠠᠨ ᠡᠷᠦᠭᠡ ᠠᠮᠠ ᠪᠠᠨ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃      ᠤᠯᠤᠰ ᠠᠴᠠ ᠮᠡᠳᠡᠷᠡᠨ ᠵᠥᠪᠰᠢᠶᠡᠷᠡᠭᠰᠡᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠳᠡᠭᠡᠳᠦ ᠰᠤᠷᠭᠠᠭᠤᠯᠢ ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠠᠵᠢᠯ ᠮᠡᠷᠭᠡᠵᠢᠯ ᠤᠨ ᠳᠡᠰ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠣᠯᠣᠭᠰᠠᠳ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠷᠡᠭᠴᠡᠭᠡ ᠲᠠᠢ ᠮᠡᠷᠭᠡᠵᠢᠯ ᠤᠨ ᠠᠵᠢᠯᠲᠠᠨ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ᠂ ᠲᠤᠰ ᠬᠥᠮᠥᠨ ᠤ ᠬᠦᠰᠡᠯ ᠤᠨ ᠶᠣᠰᠣᠭᠠᠷ᠂ ᠪᠠᠶᠢᠩᠭᠤ ᠰᠠᠭᠤᠭ᠎ᠠ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠶᠡᠭᠡ ᠳᠤᠮᠳᠠ ᠪᠠᠭ᠎ᠠ ᠬᠤᠲᠠ᠂ ᠪᠠᠶᠢᠭᠤᠯᠤᠯᠲᠤ ᠪᠠᠯᠭᠠᠰᠤᠨ ᠳᠤ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃  ᠢᠵᠢᠯᠢ  ᠨᠢᠭᠡ  ᠬᠤᠲᠠ᠂ ᠪᠠᠶᠢᠭᠤᠯᠤᠯᠲᠤ ᠪᠠᠯᠭᠠᠰᠤᠨ ᠳᠤ 6 ᠰᠠᠷ᠎ᠠ ᠠᠴᠠ ᠳᠡᠭᠡᠭᠰᠢ ᠵᠠᠯᠭᠠᠭ᠎ᠠ ᠪᠠᠷ ᠰᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠲᠠᠢ ᠬᠥᠮᠥᠨ ᠠᠮᠠ ᠪᠠ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠪᠣᠯ᠂ ᠲᠤᠰ ᠬᠥᠮᠥᠨ ᠤ ᠬᠦᠰᠡᠯ ᠶᠣᠰᠣᠭᠠᠷ᠂ ᠪᠠᠶᠢᠩᠭᠤ ᠰᠠᠭᠤᠬᠤ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠶᠣᠰᠣᠭᠠᠷ᠂ ᠲᠤᠰ ᠬᠥᠮᠥᠨ ᠵᠢᠴᠢ ᠬᠠᠮᠲᠤ ᠠᠮᠢᠳᠤᠷᠠᠵᠤ ᠪᠠᠶᠢᠭ᠎ᠠ ᠬᠤᠯᠪᠣᠰᠣ᠂ ᠦᠷ᠎ᠡ ᠬᠡᠦᠬᠡᠳ ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠨᠢ ᠣᠳᠣᠬᠠᠨ ᠤ ᠪᠣᠳᠠᠲᠠᠢ ᠰᠠᠭᠤᠷᠢᠰᠢᠨ ᠠᠮᠢᠳᠤᠷᠠᠵᠤ ᠪᠠᠶᠢᠭ᠎ᠠ ᠬᠤᠲᠠ᠂ ᠪᠠᠶᠢᠭᠤᠯᠤᠯᠲᠤ ᠪᠠᠯᠭᠠᠰᠤ ᠳᠠᠭᠠᠨ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃      ᠲᠣᠭᠤᠷᠢᠭ ᠪᠦᠬᠦᠢ ᠬᠤᠲᠠ ᠶᠢᠨ ᠬᠤᠲᠠ ᠶᠢᠨ ᠲᠣᠭᠤᠷᠢᠭ᠂ ᠰᠢᠶᠠᠨ ᠤ ᠱᠠᠲᠤᠨ ᠤ ᠬᠤᠲᠠ ᠶᠢᠨ ᠬᠤᠲᠠ ᠶᠢᠨ ᠲᠣᠭᠤᠷᠢᠭ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠪᠠᠯᠭᠠᠰᠤ ᠵᠢᠴᠢ ᠪᠤᠰᠤᠳ ᠪᠠᠶᠢᠭᠤᠯᠤᠯᠲᠤ ᠪᠠᠯᠭᠠᠰᠤᠨ ᠤ ᠡᠷᠦᠭᠡ ᠠᠮᠠ ᠪᠦᠬᠦᠢ ᠬᠥᠮᠥᠨ ᠪᠣᠯ᠂ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠬᠤᠯᠪᠣᠰᠣ᠂ ᠦᠷ᠎ᠡ ᠬᠡᠦᠬᠡᠳ᠂ ᠣᠮᠪᠣᠯᠣ ︵ᠵᠢᠭᠡ ᠣᠮᠪᠣᠯᠣ︶ ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠨᠢ ᠲᠦᠰᠢᠭ ᠡᠷᠢᠵᠦ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠲᠦᠰᠢᠭ ᠡᠷᠢᠭᠴᠢ ᠶᠢᠨ ᠨᠠᠰᠤ ᠵᠢᠯ᠂ ᠤᠷᠤᠭᠯᠠᠭᠰᠠᠨ ᠡᠰᠡᠬᠦ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠡᠰᠡᠬᠦ ᠪᠠ ᠣᠷᠣᠨ ᠰᠠᠭᠤᠴᠠ ᠶᠢᠨ ᠲᠠᠯᠠᠪᠠᠢ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ ᠪᠥᠭᠡᠮᠨᠡᠷᠡᠯ ᠳᠤ ᠡᠷᠦᠭᠡ ᠠᠮᠠ ᠶᠢ ᠨᠢᠭᠡ ᠬᠤᠲᠠᠴᠢᠯᠠᠬᠤ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ ᠬᠤᠭᠤᠷᠣᠨᠳᠤᠬᠢ ᠬᠥᠮᠥᠨ ᠠᠮᠠ ᠶᠢᠨ ᠴᠢᠯᠦᠭᠡᠲᠡᠢ ᠰᠢᠯᠵᠢᠯᠲᠡ ᠶᠢ ᠠᠬᠢᠭᠤᠯᠤᠨ᠎ᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ