ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠤ ︽ᠬᠠᠷ᠎ᠠ ᠪᠦᠯᠦᠭᠲᠡᠨ ᠤ ᠨᠡᠶᠢᠭᠡᠮ ᠤᠨ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠠᠵᠢᠯᠯᠠᠭ᠎ᠠ ᠳᠤ ᠬᠠᠤᠯᠢ ᠶᠣᠰᠣᠭᠠᠷ ᠬᠦᠨᠳᠦ ᠴᠣᠬᠢᠯᠲᠠ ᠥᠭᠬᠦ ᠲᠤᠬᠠᠶ ᠵᠠᠷᠯᠠᠯ︾
ᠨᠡᠶᠢᠲᠡᠯᠡᠭᠰᠡᠨ ᠴᠠᠭ᠄
2019/1/25
       ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂        ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠤ ︽ᠬᠠᠷ᠎ᠠ        ᠪᠦᠯᠦᠭᠲᠡᠨ ᠤ ᠨᠡᠶᠢᠭᠡᠮ ᠤᠨ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ        ᠠᠵᠢᠯᠯᠠᠭ᠎ᠠ ᠳᠤ ᠬᠠᠤᠯᠢ ᠶᠣᠰᠣᠭᠠᠷ ᠬᠦᠨᠳᠦ ᠴᠣᠬᠢᠯᠲᠠ ᠥᠭᠬᠦ ᠲᠤᠬᠠᠶ ᠵᠠᠷᠯᠠᠯ︾            ᠬᠠᠷ᠎ᠠ ᠪᠦᠯᠦᠭᠳᠡᠨ ᠬᠠᠷᠭᠢᠰ ᠬᠦᠴᠦᠨ ︵ᠬᠠᠷ᠎ᠠ ᠪᠦᠯᠦᠭᠲᠡᠨ ᠤ ᠨᠡᠶᠢᠭᠡᠮ ᠤᠨ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠬᠠᠷ᠎ᠠ ᠪᠦᠯᠦᠭᠳᠡᠨ ᠬᠠᠷᠭᠢᠰ ᠬᠦᠴᠦᠨ︶  ᠪᠣᠯ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢᠨ ᠬᠤᠣᠷᠲᠤ ᠬᠠᠪᠤᠳᠠᠷ᠂ ᠠᠷᠠᠳ ᠲᠦᠮᠡᠨ ᠤ ᠦᠬᠦᠠ ᠬᠤᠷᠣᠰᠳᠠᠭ ᠮᠤᠵᠢᠭᠤᠳᠠ ᠡᠲᠡᠭᠡᠳ ᠲᠤᠯᠠ ᠡᠷᠬᠡᠪᠰᠢ ᠬᠠᠤᠯᠢ ᠶᠣᠰᠣᠭᠠᠷ ᠲᠡᠭᠦᠨ ᠳᠤ ᠡᠷᠡᠰ ᠴᠣᠬᠢᠯᠲᠠ ᠥᠭᠬᠦ ᠬᠡᠷᠡᠭᠲᠡᠶ᠃ ᠥᠷᠭᠡᠨ ᠤᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠷ᠎ᠠ ᠶᠢ ᠰᠢᠭᠦᠷᠳᠡᠨ ᠬᠠᠷᠭᠢᠰ ᠢ ᠠᠷᠢᠯᠭᠠᠬᠤ ︵ᠬᠠᠷ᠎ᠠ ᠪᠦᠯᠦᠭᠳᠡᠨ ᠬᠠᠷᠭᠢᠰ ᠬᠦᠴᠦᠨ ᠳᠤ ᠴᠣᠬᠢᠯᠲᠠ ᠥᠭᠬᠦ︶ ᠲᠤᠰᠬᠠᠶ ᠠᠵᠢᠯᠯᠠᠭ᠎ᠠ ︵ᠲᠡᠮᠡᠴᠡᠯ︶ ᠶᠢ ᠥᠷᠨᠢᠭᠦᠯᠬᠦ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠬᠠᠷ᠎ᠠ ᠪᠦᠯᠦᠭᠳᠡᠨ ᠬᠠᠷᠭᠢᠰ ᠬᠦᠴᠦᠨ ᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠬᠤᠯᠪᠣᠭᠳᠠᠯ ᠪᠦᠬᠦᠢ ᠨᠠᠷᠢᠯᠢᠭ ᠵᠦᠢᠯᠡᠰ ᠢ ᠳᠣᠣᠷᠠᠬᠢ ᠮᠡᠲᠦ ᠪᠠᠷ ᠵᠠᠷᠯᠠᠰᠤᠭᠠᠶ᠄      ᠨᠢᠭᠡ᠂ ᠬᠠᠷ᠎ᠠ ᠪᠦᠯᠦᠭᠳᠡᠨ ᠬᠠᠷᠭᠢᠰ ᠬᠦᠴᠦᠨ ᠤ ᠶᠠᠮᠠᠷᠪᠠ ᠬᠠᠤᠯᠢ ᠵᠥᠷᠢᠴᠡᠵᠦ ᠶᠠᠯᠠᠲᠤ ᠠᠵᠢᠯᠯᠠᠭ᠎ᠠ ᠬᠢᠭᠰᠡᠨ ᠵᠢᠴᠢ ᠲᠡᠳᠡᠨ ᠤ ᠠᠵᠢᠯᠯᠠᠭ᠎ᠠ ᠶᠢ ᠥᠮᠥᠭᠯᠡᠭᠰᠡᠨ ︵ᠥᠮᠦᠭᠡᠷᠡᠭᠰᠡᠨ︶᠂ ᠬᠠᠷ᠎ᠠ ᠪᠦᠯᠦᠭᠲᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠬᠥᠮᠦᠰ ᠤᠨ ᠠᠵᠢᠯᠯᠠᠭ᠎ᠠ ᠶᠢ ᠳᠤᠷ᠎ᠠ ᠪᠠᠷ ᠲᠠᠯᠪᠢᠭᠰᠠᠨ ᠵᠡᠷᠭᠡ ᠪᠠᠶᠢᠳᠠᠯ ᠳᠤ᠂ ᠠᠯᠢᠪᠠ ᠶᠠᠯᠠᠲᠤ ᠠᠵᠢᠯᠯᠠᠭ᠎ᠠ ᠶᠢ ᠳᠠᠷᠤᠶ ᠲᠦᠷᠭᠡᠨ ᠬᠤᠷᠢᠭᠯᠠᠵᠤ ᠵᠣᠭᠰᠣᠭᠠᠬᠤ ᠬᠡᠷᠡᠭᠲᠡᠶ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ 2018 ᠣᠨ ᠤ 3 ᠰᠠᠷ᠎ᠠ ᠶᠢᠨ 1 ᠤ ᠡᠳᠦᠷ ᠪᠣᠯᠲᠠᠯ᠎ᠠ ᠥᠪᠡᠷ ᠤᠨ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠭᠰᠠᠨ᠂ ᠥᠪᠡᠷ ᠤᠨ ᠶᠠᠯᠠᠲᠤ ᠬᠡᠷᠡᠭ  ᠢᠶᠠᠨ ᠦᠨᠡᠨ ᠮᠥᠨ ᠢᠶᠠᠷ ᠨᠢ ᠲᠤᠰᠢᠶᠠᠭᠰᠠᠨ ᠪᠠᠶᠢᠪᠠᠯ ᠬᠠᠤᠯᠢ ᠶᠣᠰᠣᠭᠠᠷ᠂ ᠬᠦᠩᠭᠡᠨ ᠢᠶᠠᠷ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ᠂ ᠳᠡᠭᠡᠷ᠎ᠡ ᠳᠤᠷᠠᠳᠤᠭᠰᠠᠨ ᠲᠣᠭᠲᠠᠭᠰᠠᠨ ᠬᠤᠭᠤᠴᠠᠭᠠᠨ ᠳᠤ ᠬᠡᠷᠪᠡ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠦᠭᠡᠢ ᠮᠥᠷᠲᠡᠭᠡᠨ ᠦᠷᠭᠦᠯᠵᠢᠯᠡᠨ ᠮᠠᠭᠤ ᠬᠡᠷᠡᠭ ᠦᠢᠯᠡᠳᠪᠡᠯ ᠬᠠᠤᠯᠢ ᠶᠣᠰᠣᠭᠠᠷ ᠬᠦᠨᠳᠦ ᠪᠠᠷ ᠰᠢᠳᠬᠡᠨ᠎ᠡ᠃ ᠶᠠᠮᠠᠷᠪᠠ ᠬᠤᠪᠢ ᠬᠥᠮᠥᠨ᠂ ᠵᠣᠬᠢᠶᠠᠨ ᠪᠠᠶᠢᠭᠤᠯᠤᠯᠲᠠ ᠲᠠᠢ ᠬᠤᠯᠪᠣᠭᠳᠠᠭᠰᠠᠨ ᠴᠦ ᠲᠡᠷᠡ᠂ ᠲᠤᠶᠢᠯ ᠳᠤᠨᠢ ᠲᠤᠯᠲᠠᠯ᠎ᠠ ᠪᠠᠶᠢᠴᠠᠭᠠᠵᠤ ᠰᠢᠢᠳᠪᠦᠷᠢᠯᠡᠨ᠎ᠡ᠂ ᠥᠴᠥᠬᠡᠨ ᠴᠦ ᠢᠯᠳᠠᠷ ᠬᠠᠶᠠᠬᠤ ᠦᠭᠡᠢ᠃      ᠬᠤᠶᠠᠷ᠂ ᠬᠠᠷ᠎ᠠ ᠪᠦᠯᠦᠭᠳᠡᠨ ᠬᠠᠷᠭᠢᠰ ᠬᠦᠴᠦᠨ ᠤ ᠨᠠᠶᠢᠵᠠ ᠨᠥᠬᠦᠳ᠂ ᠲᠥᠷᠥᠯ ᠰᠠᠳᠤᠨ ᠪᠣᠯᠤᠭᠰᠠᠳ ᠲᠡᠳᠡᠨᠡᠷ ᠢ ᠪᠡᠶ᠎ᠡ ᠪᠠᠨ ᠲᠤᠰᠢᠶᠠᠬᠤ ᠶᠢ ᠢᠳᠡᠪᠬᠢᠲᠡᠢ ᠰᠠᠨᠠᠭᠤᠯᠵᠤ ᠢᠳᠬᠠᠬᠤ ᠬᠡᠷᠡᠭᠲᠡᠶ᠂ ᠳᠣᠲᠣᠨᠣ ᠬᠥᠮᠦᠰ ᠨᠢ ᠢᠳᠬᠠᠵᠤ ᠬᠠᠮᠲᠤᠪᠠᠷ ᠬᠡᠷᠡᠭ ᠢᠶᠠᠨ ᠴᠠᠭᠠᠪᠤᠷᠯᠠᠭᠰᠠᠨ ᠡᠰᠡᠬᠦᠯ᠎ᠡ ᠳᠣᠲᠣᠨᠣ ᠬᠥᠮᠦᠰ ᠨᠢ ᠰᠠᠶᠢᠨ ᠳᠤᠷ᠎ᠠ ᠠᠴᠠ ᠪᠠᠨ ᠬᠡᠷᠡᠭ ᠮᠡᠳᠡᠭᠦᠯᠦᠭᠰᠡᠨ ᠤ ᠳᠠᠷᠠᠭ᠎ᠠ ᠬᠡᠷᠡᠭᠳᠡᠨ ᠢ ᠬᠦᠷᠭᠡᠵᠦ ᠬᠡᠷᠡᠭ ᠢᠶᠠᠨ ᠴᠠᠭᠠᠪᠤᠷᠯᠠᠭᠰᠠᠨ ︵ᠲᠤᠰᠢᠶᠠᠭᠰᠠᠨ︶ ᠪᠠᠶᠢᠪᠠᠯ ᠪᠡᠶ᠎ᠡ ᠪᠠᠨ ᠲᠤᠰᠢᠶᠠᠭᠰᠠᠨ ᠢᠶᠠᠷ ᠪᠤᠳᠤᠨ᠎ᠠ᠃ ᠬᠠᠷ᠎ᠠ ᠪᠦᠯᠦᠭᠳᠡᠨ ᠬᠠᠷᠭᠢᠰ ᠬᠦᠴᠦᠨ ᠤ ᠶᠠᠯᠠᠲᠤ ᠬᠡᠷᠡᠭᠲᠡᠨ ᠢ ᠥᠮᠥᠭᠯᠡᠵᠦ ︽ᠬᠠᠮᠠᠭᠠᠯᠠᠭᠴᠢ︾ ᠪᠤᠯᠵᠦ ᠪᠠᠶᠢᠭ᠎ᠠ ᠤᠯᠤᠰ ︵ᠪᠤᠶᠤ ᠰᠢᠭᠤᠳ ᠬᠠᠷᠢᠶ᠎ᠠ ᠰᠠᠯᠠᠭ᠎ᠠ ᠮᠥᠴᠢᠷ︶ ᠤᠨ ᠠᠵᠢᠯᠳᠠᠨ ᠢ ᠬᠠᠤᠯᠢ ᠴᠠᠭᠠᠵᠠ ᠰᠠᠬᠢᠯᠭ᠎ᠠ ᠲᠦᠷᠢᠮ ᠤᠨ ᠶᠣᠰᠣᠭᠠᠷ ᠡᠷᠡᠰ ᠴᠢᠩᠭ᠎ᠠ ᠪᠠᠶᠢᠴᠠᠭᠠᠨ ᠰᠢᠳᠬᠡᠨ᠎ᠡ᠂ ᠬᠠᠷ᠎ᠠ ᠪᠦᠯᠦᠭᠳᠡᠨ ᠬᠠᠷᠭᠢᠰ ᠬᠦᠴᠦᠨ ᠤ ᠬᠡᠷᠡᠭᠲᠡᠨ ᠢ ᠨᠢᠭᠤᠨ ᠳᠠᠯᠳᠠᠯᠠᠭᠰᠠᠨ ᠥᠮᠥᠭᠯᠡᠵᠦ ᠬᠠᠮᠠᠭᠠᠯᠠᠭᠰᠠᠨ ᠡᠰᠡᠬᠦᠯ᠎ᠡ ᠲᠡᠳᠡ ᠨᠠᠷ ᠢ ᠬᠠᠪᠰᠤᠷᠴᠤ ᠵᠣᠭᠤᠰ ᠠᠷᠢᠭᠤᠯᠠᠭᠰᠠᠨ ︵ᠣᠬᠢᠶᠠᠭᠰᠠᠨ︶᠂ ᠬᠠᠤᠯᠢ ᠪᠤᠰᠤ ᠪᠠᠷ ᠶᠠᠯ᠎ᠠ ᠶᠢᠨ ᠭᠡᠷᠡᠴᠢ ᠪᠠᠨ ᠪᠠᠯᠠᠯᠠᠨ ᠬᠠᠭᠤᠷᠮᠠᠭ ᠭᠡᠷᠡᠴᠢ ᠵᠣᠬᠢᠶᠠᠭᠰᠠᠨ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ ᠪᠠᠷ ᠬᠠᠤᠯᠢ ᠪᠤᠰᠤ ᠣᠯᠵᠠ ᠠᠰᠢᠭ ᠣᠯᠤᠭᠰᠠᠨ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠠᠷ᠎ᠠ ᠪᠦᠯᠦᠭᠳᠡᠨ ᠬᠠᠷᠭᠢᠰ ᠬᠦᠴᠦᠨ ᠤ ᠬᠡᠷᠡᠭᠲᠡᠨ ᠰᠢᠭᠦᠬᠦ ᠳᠤ ᠬᠦᠷᠦᠭᠰᠡᠨ ︵ᠡᠰᠡᠬᠦᠯ᠎ᠡ ᠪᠠᠷᠢᠪᠴᠢᠯᠠᠭᠳᠠᠭᠰᠠᠨ︶ ᠤ ᠳᠠᠷᠠᠭ᠎ᠠ᠂ ᠪᠤᠰᠤᠳ ᠤᠨ ᠶᠠᠯᠠᠲᠤ ᠬᠡᠷᠡᠭ ᠢ ᠢᠯᠡᠴᠢᠯᠡᠵᠦ᠂ ᠪᠠᠶᠢᠴᠠᠭᠠᠯᠲᠠ ᠪᠠᠷ ᠦᠨᠡᠨ ᠪᠣᠯᠬᠤ ᠨᠢ ᠭᠡᠷᠡᠴᠢᠯᠡᠭᠳᠡᠭᠰᠡᠨ ᠡᠰᠡᠬᠦᠯ᠎ᠡ ᠪᠤᠰᠤᠳ ᠤᠨ ᠬᠡᠷᠡᠭ ᠢ ᠪᠠᠶᠢᠴᠠᠭᠠᠨ ᠢᠯᠡᠷᠡᠭᠦᠯᠬᠦ ᠳᠤ᠂ ᠬᠦᠨᠳᠦ ᠴᠢᠬᠤᠯᠠ ᠰᠦᠪᠡᠭᠴᠢ ᠬᠠᠩᠭᠠᠨ ᠪᠠᠶᠢᠴᠠᠭᠠᠯᠲᠠ ᠪᠠᠷ ᠳᠡᠮᠵᠢᠨ ᠦᠨᠡᠨ ᠪᠣᠯᠬᠤ ᠨᠢ ᠭᠡᠷᠡᠴᠢᠯᠡᠭᠳᠡᠭᠰᠡᠨ᠂ ᠡᠰᠡᠬᠦᠯ᠎ᠡ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠬᠠᠮᠵᠢᠵᠤ ᠪᠤᠰᠤᠳ ᠬᠡᠷᠡᠭ ᠤᠨ ᠰᠡᠵᠢᠭᠳᠡᠨ ᠢ ᠪᠠᠷᠢᠪᠴᠢᠯᠠᠭᠰᠠᠨ ᠵᠡᠷᠭᠡ ᠪᠠᠶᠢᠳᠠᠯ ᠲᠠᠢ ᠪᠣᠯ᠂ ᠬᠡᠷᠡᠭ ᠤᠨ ᠰᠡᠵᠢᠭᠳᠡᠨ ᠢ ᠬᠦᠩᠭᠡᠨ ᠢᠶᠠᠷ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ᠃ ᠬᠦᠨᠳᠦ ᠴᠢᠬᠤᠯᠠ ᠭᠠᠪᠢᠶ᠎ᠠ ᠪᠠᠶᠢᠭᠤᠯᠤᠭᠰᠠᠨ ᠪᠣᠯ ᠬᠠᠤᠯᠢ ᠶᠣᠰᠣᠭᠠᠷ ᠬᠥᠩᠭᠡᠷᠡᠭᠦᠯᠦᠨ ᠰᠢᠳᠬᠡᠬᠦ ᠪᠤᠶᠤ ᠬᠠᠤᠯᠢ ᠶᠢᠨ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠂ ᠬᠠᠷ᠎ᠠ ᠪᠦᠯᠦᠭᠳᠡᠨ ᠬᠠᠷᠭᠢᠰ ᠬᠦᠴᠦᠨ ᠤ ᠬᠡᠷᠡᠭᠲᠡᠨ ᠤ ᠲᠠᠩᠨᠠᠨ ᠪᠠᠶᠢᠴᠠᠭᠠᠯᠲᠠ᠂ ᠳᠡᠭᠡᠭᠰᠢ ᠵᠡᠭᠠᠯᠳᠦᠬᠤ᠂ ᠰᠢᠭᠦᠨ ᠲᠠᠰᠤᠯᠬᠤ ᠠᠵᠢᠯ ᠳᠤ ᠢᠳᠡᠪᠬᠢᠲᠡᠶ ᠬᠠᠮᠵᠢᠯᠴᠠᠨ ᠬᠠᠷ᠎ᠠ ᠪᠦᠯᠦᠭ ᠤᠨ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠵᠣᠬᠢᠶᠠᠨ ᠪᠠᠶᠢᠭᠤᠯᠤᠭᠴᠢ᠂ ᠲᠣᠯᠣᠭᠠᠶᠢᠯᠠᠭᠴᠢ ᠶᠢᠨ ᠪᠠᠶᠢᠷᠢ ᠰᠠᠭᠤᠷᠢ᠂ ᠭᠠᠷᠭᠠᠭᠰᠠᠨ ᠦᠢᠯᠡᠳᠦᠯ᠂ ᠬᠦᠨᠳᠦ ᠶᠡᠭᠡ ᠶᠠᠯᠠᠲᠤ ᠬᠡᠷᠡᠭ ᠤᠨ ᠪᠣᠳᠠᠲᠠᠶ ᠪᠠᠶᠢᠳᠠᠯ ᠪᠤᠵᠠᠷ ᠡᠳ᠋ ᠪᠣᠳᠠᠰ ᠢ ᠨᠡᠬᠡᠮᠵᠢᠯᠡᠵᠦ ᠬᠤᠷᠢᠶᠠᠨ ᠠᠪᠬᠤ᠂ ︽ᠬᠠᠮᠠᠭᠠᠯᠠᠭᠴᠢ ᠰᠢᠬᠦᠷ︾ ᠲᠤ ᠴᠣᠬᠢᠯᠲᠠ ᠥᠭᠬᠦ ᠵᠡᠷᠭᠡ ᠲᠠᠯ᠎ᠠ ᠳᠤ ᠴᠢᠬᠤᠯᠠ ᠰᠦᠪᠡᠭᠴᠢ ᠪᠣᠯᠤᠨ ᠭᠡᠷᠡᠴᠢ ᠬᠠᠩᠭᠠᠭᠰᠠᠨ ᠪᠠᠶᠢᠪᠠᠯ ᠪᠠᠶᠢᠴᠠᠭᠠᠨ ᠨᠤᠲᠠᠯᠠᠬᠤ ᠪᠠᠷ ᠳᠠᠮᠵᠢᠨ ᠦᠨᠡᠨ ᠪᠣᠯᠬᠤ ᠶᠢ ᠪᠠᠲᠤᠯᠠᠭᠰᠠᠨ ᠪᠣᠯ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ ᠬᠠᠤᠯᠢ ᠶᠣᠰᠣᠭᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠃     ᠭᠤᠷᠪᠠ᠂ ᠪᠦᠬᠦ ᠤᠯᠤᠰ ᠤᠨ ᠤᠯᠤᠰ ᠲᠦᠷᠤ ᠬᠠᠤᠯᠢ ᠴᠠᠭᠠᠵᠠ ᠶᠢᠨ ᠹᠷᠣᠨᠲ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠨᠢᠭᠡᠳᠦᠯᠲᠡᠶ ᠠᠳᠬᠤᠵᠤ ᠬᠠᠮᠲᠤ ᠪᠠᠷ ᠬᠠᠮᠢᠶᠠᠷᠤᠨ᠂ ᠠᠵᠢᠯ ᠤᠨ ᠨᠡᠶᠢᠯᠡᠮᠡᠯ ︵ᠬᠤᠷᠰᠢᠭᠴᠢ︶ ᠬᠦᠴᠦᠨ ᠢ ᠪᠦᠷᠢᠯᠳᠦᠭᠦᠯᠦᠨ᠎ᠡ᠃ ︽ᠥᠴᠦᠬᠡᠨ ᠴᠦ ᠢᠯᠳᠠᠷ ᠬᠠᠶᠠᠬᠤ ᠦᠭᠡᠢ︾ ᠪᠠᠶᠢᠬᠤ ᠣᠪᠣᠷ ᠢᠶᠠᠷ᠂ ᠬᠠᠤᠯᠢ ᠶᠣᠰᠣᠭᠠᠷ᠂ ᠬᠦᠨᠳᠦ ᠪᠠᠷ ᠵᠠᠯᠬᠠᠭᠠᠨ ᠰᠢᠳᠬᠡᠵᠦ ᠬᠠᠷ᠎ᠠ ᠬᠠᠷᠭᠢᠰ ᠬᠡᠷᠡᠭᠲᠡᠨ ᠳᠤ ᠬᠦᠨᠳᠦ ᠴᠣᠬᠢᠯᠲᠠ ᠥᠭᠴᠦ᠂ ᠨᠢᠭᠡ ᠪᠦᠯᠦᠭ ᠤᠯᠠᠨ ᠲᠦᠮᠡᠨ ᠤ ᠵᠠᠨᠤᠨ ᠬᠤᠷᠣᠰᠴᠤ ᠪᠠᠶᠢᠭ᠎ᠠ ᠬᠠᠷ᠎ᠠ ᠪᠦᠯᠦᠭ ᠤᠨ ᠴᠢᠨᠠᠷᠲᠠᠶ ᠬᠡᠷᠡᠭ ᠢ ᠲᠠᠩᠨᠠᠨ ᠰᠢᠢᠳᠪᠦᠷᠢᠯᠡᠵᠦ᠂ ᠨᠢᠭᠡ ᠬᠡᠰᠡᠭ ᠬᠠᠷ᠎ᠠ ᠪᠦᠯᠦᠭ ᠤᠨ ᠬᠦᠴᠦᠨ ᠬᠦᠨᠳᠦ ᠨᠣᠴᠢᠲᠠᠶ ᠪᠠᠶᠢᠭ᠎ᠠ ᠭᠠᠵᠠᠷ ᠣᠷᠣᠨ ᠢ ᠴᠡᠭᠴᠡᠯᠡᠨ᠎ᠡ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠤ ᠬᠡᠷᠡᠭᠳᠡᠨ ᠢ ᠵᠠᠯᠬᠠᠭᠠᠨ ᠰᠢᠳᠬᠡᠵᠦ᠂ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ ᠪᠠᠶᠠᠷᠯᠠᠭᠤᠰᠢᠲᠠᠶ ᠠᠮᠵᠢᠯᠲᠠ ᠤᠯᠬᠤ ᠶᠢ ᠪᠠᠲᠤᠯᠠᠨ᠂ ᠬᠠᠷ᠎ᠠ ᠶᠢ ᠰᠢᠭᠦᠷᠳᠡᠨ ᠬᠠᠷᠭᠢᠰ ᠢ ᠠᠷᠢᠯᠭᠠᠬᠤ ᠲᠤᠰᠬᠠᠶ ᠲᠡᠮᠡᠴᠡᠯ ᠳᠤ ᠪᠠᠲᠤ ᠰᠠᠭᠤᠷᠢ ᠶᠢ ᠲᠠᠯᠪᠢᠨ᠎ᠠ᠃ ᠡᠭᠦᠨᠴᠡ᠂ ᠠᠷᠠᠳ ᠲᠦᠮᠡᠨ ᠤ ᠬᠦᠷᠲᠡᠮᠵᠢ ᠶᠢᠨ ᠰᠡᠳᠬᠢᠭᠳᠡᠯ᠂ ᠵᠣᠯ ᠵᠢᠷᠭᠠᠯ ᠤᠨ ᠰᠡᠳᠬᠢᠴᠡ᠂ ᠠᠮᠤᠷ ᠲᠦᠪᠰᠢᠨ ᠤ ᠰᠡᠳᠬᠢᠯᠭᠡ ᠶᠢ ᠲᠡᠰᠦᠷᠡᠯᠳᠠ ᠤᠢᠭᠡᠢ ᠴᠢᠩᠭᠠᠳᠬᠠᠨ᠎ᠠ᠃      ᠲᠦᠷᠪᠡ᠂ ᠬᠠᠷ᠎ᠠ ᠶᠢ ᠰᠢᠭᠦᠷᠳᠡᠨ ᠬᠠᠷᠭᠢᠰ ᠢ ᠠᠷᠢᠯᠭᠠᠬᠤ ᠪᠣᠯ ᠨᠢᠭᠡᠨ ᠤᠳᠠᠭᠠᠨ ᠤ ᠠᠷᠠᠳ ᠲᠦᠮᠡᠨ ᠤ ᠳᠠᠶᠢᠨ ︵ᠲᠡᠮᠡᠴᠡᠯ︶ ᠲᠤᠯᠠ ᠡᠷᠬᠡᠪᠰᠢ ᠠᠷᠠᠳ ᠤᠯᠠᠨ ᠤ ᠢᠳᠡᠪᠬᠢᠲᠡᠶ ᠪᠠᠷ ᠣᠷᠣᠯᠴᠠᠬᠤ ᠳᠤ ᠲᠦᠰᠢᠭᠯᠡᠬᠦ ᠬᠡᠷᠡᠭᠲᠡᠶ᠃ ᠥᠷᠭᠡᠨ ᠥᠷᠭᠡᠨ ᠤᠯᠠᠨ ᠠᠷᠠᠳ ᠲᠦᠮᠡᠨ ᠢ ᠬᠠᠷ᠎ᠠ ᠪᠦᠯᠦᠭᠳᠡᠨ ᠬᠠᠷᠭᠢᠰ ᠬᠦᠴᠦᠨ ᠲᠠᠢ ᠬᠠᠮᠢᠶ᠎ᠠ ᠪᠦᠬᠦᠢ ᠶᠠᠯᠠᠲᠤ ᠬᠡᠷᠡᠭ ᠪᠠ ᠭᠠᠴᠠᠭ᠎ᠠ ᠲᠣᠰᠬᠤᠨ ᠤ ᠡᠵᠡᠷᠬᠡᠭᠴᠢ ᠵᠡᠷᠭᠡ ᠲᠤᠪᠤᠶᠢᠮ᠎ᠠ ᠠᠰᠠᠭᠤᠳᠠᠯ ᠢ ᠢᠳᠡᠪᠬᠢᠲᠡᠶ ᠢᠯᠡᠴᠢᠯᠡᠨ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠬᠠᠷ᠎ᠠ ᠪᠦᠯᠦᠭᠳᠡᠨ ᠬᠠᠷᠭᠢᠰ ᠬᠦᠴᠦᠨ ᠤ ᠶᠠᠯᠠᠲᠤ ᠬᠡᠷᠡᠭ ᠲᠤ ᠬᠦᠨᠳᠦ ᠴᠣᠬᠢᠯᠲᠠ ᠥᠭᠬᠦ᠂ ᠬᠠᠷ᠎ᠠ ᠪᠦᠯᠦᠭᠳᠡᠨ ᠬᠠᠷᠭᠢᠰ ᠬᠦᠴᠦᠨ ᠤ ︽ᠬᠠᠮᠠᠭᠠᠯᠠᠭᠴᠢ ᠰᠢᠬᠦᠷ︾ ᠢ ᠢᠯᠡᠴᠢᠯᠡᠨ ᠮᠡᠳᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠳ ᠢ ᠱᠠᠩᠨᠠᠨ ᠬᠥᠬᠢᠭᠦᠯᠦᠨ᠎ᠡ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠢᠯᠡᠴᠢᠯᠡᠨ ᠮᠡᠳᠡᠭᠦᠯᠦᠭᠰᠡᠳ ᠤᠨ ᠬᠤᠪᠢ ᠶᠢᠨ ᠨᠢᠭᠤᠴᠠ᠂ ᠬᠠᠮᠢᠶ᠎ᠠ ᠪᠦᠬᠦᠢ ᠰᠤᠷᠠᠭ ᠵᠠᠩᠭᠢ ᠵᠢᠴᠢ ᠠᠮᠤᠷ ᠲᠦᠪᠰᠢᠨ ᠢ ᠨᠢ ᠬᠠᠮᠠᠭᠠᠯᠠᠨ᠎ᠠ᠃      ᠪᠦᠬᠦ ᠤᠯᠤᠰ ᠤᠨ ᠬᠠᠷ᠎ᠠ ᠶᠢ ᠰᠢᠭᠦᠷᠳᠡᠨ ᠬᠠᠷᠭᠢᠰ ᠢ ᠠᠷᠢᠯᠭᠠᠬᠤ ᠢᠯᠡᠴᠢᠯᠡᠨ ᠮᠡᠳᠡᠭᠦᠯᠬᠦ ᠰᠦᠯᠵᠢᠶ᠎ᠡ᠄ www.12389.gov.cnᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ︵ᠬᠠᠶ᠋ᠢᠭ︶᠄ ᠪᠡᠭᠡᠵᠢᠩ ᠤᠨ ᠰᠢᠦᠳᠠᠨ ᠤ19001 ᠳ᠋ᠦ᠋ᠭᠡᠷ ᠨᠣᠮᠧᠷᠲᠤ ᠵᠠᠬᠢᠳᠠᠯ ᠤᠨ ᠬᠠᠶᠢᠷᠴᠠᠭ ︔  ᠢᠯᠡᠴᠢᠯᠡᠨ ᠮᠡᠳᠡᠭᠦᠯᠬᠦ ᠤᠲᠠᠰᠤ᠄ 010 —12389᠃      ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃              ᠠᠷᠠᠳ ᠤᠨ ᠳᠡᠭᠡᠳᠦ ᠰᠢᠭᠦᠬᠦ ᠬᠤᠷᠢᠶ᠎ᠠ              ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ              ᠳᠣᠲᠣᠭᠠᠳᠤ ᠶᠢ ᠬᠠᠮᠠᠭᠠᠯᠠᠬᠤ ᠶᠠᠮᠤᠨ              ᠬᠠᠤᠯᠢ ᠴᠠᠭᠠᠵᠠ ᠶᠢᠨ ᠶᠠᠮᠤᠨ                    2018 ᠣᠨ ᠤ 2 ᠰᠠᠷ᠎ᠠ ᠶᠢᠨ 2 ᠤᠨ ᠡᠳᠦᠷ  
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ