ᠬᠤᠷᠠᠯ ᠤᠨ ᠲᠡᠮᠳᠡᠭᠯᠡᠯ ᠤᠨ ᠬᠡᠯᠪᠡᠷᠢ
ᠨᠡᠶᠢᠲᠡᠯᠡᠭᠰᠡᠨ ᠴᠠᠭ᠄
2019/1/25
     ᠬᠤᠷᠠᠯ ᠤᠨ ᠲᠡᠮᠳᠡᠭᠯᠡᠯ ᠬᠢᠬᠦ ᠪᠣᠯ ᠠᠯᠪᠠᠨ ᠭᠡᠷ ᠤᠨ ᠨᠢᠭᠡᠨ ᠡᠳᠦᠷ ᠳᠣᠲᠣᠮ ᠤᠨ ᠠᠵᠢᠯ ᠪᠣᠯᠣᠨ᠎ᠠ᠂ ᠦᠵᠡᠬᠦ ᠳᠤ ᠬᠢᠯᠪᠠᠷ᠂ ᠭᠡᠪᠡᠴᠦ ᠦᠨᠡᠬᠡᠷ ᠰᠠᠶᠢᠨ ᠬᠢᠬᠦ ᠭᠡᠪᠡᠯ ᠲᠡᠶᠢᠮᠦ ᠬᠢᠯᠪᠠᠷ ᠪᠢᠰᠢ ᠶᠣᠮ᠃  ᠬᠤᠷᠠᠯ ᠠᠴᠠ ᠡᠮᠦᠨ᠎ᠡ᠂ ᠬᠤᠷᠠᠯ ᠤᠨ ᠳᠣᠮᠳᠠ᠂ ᠬᠤᠷᠠᠯ ᠤᠨ ᠳᠠᠷᠠᠭ᠎ᠠ ᠶᠡᠭᠡ ᠬᠡᠮᠵᠢᠶᠡᠨ ᠤ ᠴᠠᠭ ᠪᠠ ᠬᠦᠴᠦᠨ ᠵᠠᠷᠣᠴᠠᠭᠤᠯᠵᠣ᠂ ᠡᠯ᠎ᠡ ᠲᠠᠯ᠎ᠠ ᠶᠢᠨ ᠨᠠᠷᠢᠨ ᠵᠦᠢᠯᠡᠰ ᠪᠠ ᠡᠯᠧᠮᠧᠨ᠋ᠲ ᠤᠳ ᠢ ᠭᠦᠢᠴᠡᠳ ᠪᠣᠳᠣᠯᠬᠢᠯᠠᠬᠤ ᠴᠢᠬᠤᠯᠠᠲᠠᠢ᠃ ᠬᠤᠷᠠᠯ ᠤᠨ ᠲᠡᠮᠳᠡᠭᠯᠡᠯ ᠢ ᠰᠠᠶᠢᠲᠣᠷ ᠬᠢᠬᠦ ᠭᠡᠪᠡᠯ ᠳᠣᠣᠷᠠᠬᠢ ᠭᠤᠷᠪᠠᠨ ᠲᠠᠯ᠎ᠠ ᠶᠢ ᠠᠩᠬᠠᠷᠬᠤ ᠬᠡᠷᠡᠭᠲᠡᠢ᠃      ᠨᠢᠭᠡ᠂ ᠨᠠᠷᠢᠨ ᠬᠢᠨᠠᠮᠠᠭᠠᠢ ᠪᠡᠯᠡᠳᠬᠡᠯ ᠠᠵᠢᠯ ᠢ ᠬᠢᠬᠦ ᠬᠡᠷᠡᠭᠲᠡᠢ᠃      ᠨᠠᠷᠢᠨ ᠬᠢᠨᠠᠮᠠᠭᠠᠢ ᠪᠡᠯᠡᠳᠬᠡᠯ ᠠᠵᠢᠯ ᠬᠢᠬᠦ ᠪᠣᠯ ᠬᠤᠷᠠᠯ ᠤᠨ ᠲᠡᠮᠳᠡᠭᠯᠡᠯ ᠢᠶᠠᠨ ᠰᠠᠶᠢᠲᠣᠷ ᠬᠢᠬᠦ ᠶᠢᠨ ᠴᠢᠬᠤᠯᠠ ᠪᠠᠳᠣᠯᠠᠭ᠎ᠠ ᠮᠦᠨ᠃ ᠬᠤᠷᠠᠯ ᠠᠴᠠ ᠡᠮᠦᠨ᠎ᠡ᠂ ᠲᠡᠮᠳᠡᠭᠯᠡᠭᠴᠢ ᠬᠤᠷᠠᠯ ᠳᠡᠭᠡᠷ᠎ᠡ ᠶᠠᠷᠢᠯᠴᠠᠬᠤ ᠰᠡᠳᠦᠪ ᠪᠠ ᠭᠤᠣᠯ ᠠᠭᠤᠯᠭ᠎ᠠ ᠶᠢ ᠨᠠᠷᠢᠨ ᠣᠶᠢᠯᠠᠭᠠᠭᠰᠠᠨ ᠤ ᠰᠠᠭᠤᠷᠢᠨ ᠳᠤ᠂ ᠦᠩᠭᠡᠷᠡᠭᠰᠡᠨ ᠳᠤ ᠶᠠᠪᠣᠭᠳᠠᠭᠰᠠᠨ ᠬᠠᠮᠢᠶ᠎ᠠ ᠪᠦᠬᠦᠢ ᠬᠤᠷᠠᠯ ᠤᠨ ᠶᠠᠷᠢᠯᠴᠠᠭᠰᠠᠨ ᠦᠷ᠎ᠡ ᠳ᠋ᠦᠩ᠂ ᠬᠤᠷᠠᠯ ᠤᠨ ᠰᠢᠢᠳᠪᠦᠷᠢ ᠵᠡᠷᠭᠡ ᠳᠤ ᠪᠠᠰᠠ ᠳᠣᠲᠣᠷ ᠢᠶᠠᠨ ᠲᠣᠭᠠᠲᠠᠢ ᠪᠠᠶᠢᠬᠤ ᠬᠡᠷᠡᠭᠲᠡᠢ᠃ ᠬᠤᠷᠠᠯ ᠤᠨ ᠲᠡᠮᠳᠡᠭᠯᠡᠯ ᠬᠢᠬᠦ ᠳᠤ ᠶᠡᠷᠦ ᠳᠡᠭᠡᠨ ᠲᠣᠬᠠᠢ ᠶᠢᠨ ᠲᠠᠯᠠᠪᠣᠷ ᠲᠤ ᠦᠰᠦᠭ ᠪᠢᠴᠢᠭ ︵ᠪᠢᠷ ᠪᠣᠶᠣ ᠡᠯᠧᠺᠲᠷᠣᠨ︶ ᠢᠶᠠᠷ ᠲᠡᠮᠳᠡᠭᠯᠡᠬᠦ ᠪᠠ ᠳᠠᠭᠤ ᠰᠢᠩᠭᠡᠭᠡᠬᠦ ︵ᠳᠦᠷᠰᠦ ᠰᠢᠩᠭᠡᠭᠡᠬᠦ︶ ᠶᠢ ᠣᠶᠠᠯᠳᠣᠭᠤᠯᠣᠭᠰᠠᠨ ᠠᠷᠭ᠎ᠠ ᠮᠠᠶ᠋ᠢᠭ ᠢ ᠬᠡᠷᠡᠭᠯᠡᠨ᠎ᠡ᠂ ᠨᠢᠭᠡ ᠲᠠᠯ᠎ᠠ ᠪᠠᠷ ᠲᠡᠮᠳᠡᠭᠯᠡᠬᠦ ᠠᠭᠤᠯᠭ᠎ᠠ ᠶᠢᠨ ᠪᠦᠷᠢᠨ ᠪᠦᠲᠦᠨ ᠪᠠ ᠣᠨᠣᠪᠴᠢᠳᠣ ᠴᠢᠨᠠᠷ ᠢ ᠪᠠᠲᠣᠯᠠᠵᠣ᠂ ᠨᠦᠭᠦᠭᠡ ᠲᠠᠯ᠎ᠠ ᠪᠠᠷ ᠪᠡᠯᠡᠳᠬᠡᠯ ᠠᠵᠢᠯ ᠢ ᠬᠢᠬᠦ ᠳᠤ ᠨᠡᠩ ᠦᠨᠳᠦᠷ ᠱᠠᠭᠠᠷᠳᠠᠯᠭ᠎ᠠ ᠶᠢ ᠳᠣᠷᠠᠳᠣᠭᠰᠠᠨ ᠪᠠᠶᠢᠨ᠎ᠠ᠃      ᠬᠤᠶᠠᠷ᠂ ᠪᠦᠷᠢᠨ ᠭᠦᠢᠴᠡᠳ ᠪᠦᠭᠡᠳ ᠦᠨᠡᠨ ᠪᠣᠳᠠᠲᠠᠢ ᠪᠠᠷ ᠲᠡᠮᠳᠡᠭᠯᠡᠬᠦ ᠬᠡᠷᠡᠭᠲᠡᠢ᠃      ᠨᠢᠭᠡᠨ ᠬᠤᠪᠢ ᠪᠦᠷᠢᠨ ᠭᠦᠢᠴᠡᠳ ᠬᠤᠷᠠᠯ ᠤᠨ ᠲᠡᠮᠳᠡᠭᠯᠡᠯ ᠨᠢ ᠬᠤᠷᠠᠯ ᠤᠨ ᠭᠤᠣᠯ ᠠᠭᠤᠯᠭ᠎ᠠ ᠠᠴᠠ ᠭᠠᠳᠠᠨ᠎ᠠ᠂ ᠬᠤᠷᠠᠯ ᠤᠨ ᠨᠡᠷᠡᠶᠢᠳᠦᠯ᠂ ᠭᠠᠵᠠᠷ ᠣᠷᠣᠨ ᠂ ᠡᠬᠢᠯᠡᠬᠦ ᠴᠠᠭ᠂ ᠡᠷᠬᠢᠯᠡᠭᠴᠢ᠂ ᠲᠡᠮᠳᠡᠭᠯᠡᠭᠴᠢ᠂ ᠬᠤᠷᠠᠯ ᠳᠤ ᠣᠷᠣᠯᠴᠠᠭᠴᠢ᠂ ᠰᠣᠯᠠ ᠣᠷᠣᠯᠴᠠᠭᠴᠢ᠂ ᠰᠠᠭᠠᠳᠠᠭᠰᠠᠨ ᠬᠦᠮᠦᠨ᠂ ᠬᠤᠷᠠᠯ ᠳᠤ ᠶᠠᠷᠢᠯᠴᠠᠬᠤ ᠰᠡᠳᠦᠪ ᠵᠡᠷᠭᠡ ᠴᠢᠬᠤᠯᠠ ᠡᠯᠧᠮᠧᠨ᠋ᠲ ᠤᠳ ᠢ ᠪᠠᠰᠠ ᠪᠠᠭᠲᠠᠭᠠᠬᠤ ᠬᠡᠷᠡᠭᠲᠡᠢ᠃ ᠬᠤᠷᠠᠯ ᠤᠨ ᠲᠡᠮᠳᠡᠭᠯᠡᠯ ᠬᠢᠬᠦ ᠵᠣᠷᠢᠯᠭ᠎ᠠ ᠨᠢ ᠪᠣᠯ ᠳᠠᠷᠣᠢ ᠬᠤᠷᠠᠯ ᠶᠠᠪᠣᠭᠳᠠᠬᠤ ᠦᠶᠡᠰ ᠤᠨ ᠪᠠᠶᠢᠳᠠᠯ ᠢ ᠦᠨᠡᠨ ᠪᠣᠳᠠᠲᠠᠢ ᠪᠠᠷ ᠲᠡᠮᠳᠡᠭᠯᠡᠨ᠂ ᠬᠤᠵᠢᠮ ᠪᠠᠶᠢᠴᠠᠭᠠᠨ ᠦᠵᠡᠬᠦ ᠳᠤ ᠳᠦᠭᠦᠮ ᠦᠵᠡᠭᠦᠯᠬᠦ ᠶᠢᠨ ᠲᠦᠯᠦᠭᠡ ᠪᠣᠯᠣᠨ᠎ᠠ᠃ ᠡᠶᠢᠮᠦ ᠠᠴᠠ᠂ ᠬᠤᠷᠠᠯ ᠤᠨ ᠲᠡᠮᠳᠡᠭᠯᠡᠯ ᠢ ᠪᠢᠴᠢᠬᠦ ᠳᠤ ᠡᠷᠬᠡᠪᠰᠢ ᠦᠨᠡᠨ ᠪᠣᠳᠠᠲᠠᠢ ᠪᠠᠶᠢᠬᠤ ᠶᠢ ᠱᠠᠭᠠᠷᠳᠠᠵᠣ᠂ ᠬᠤᠪᠢ ᠬᠦᠮᠦᠨ ᠤ ᠦᠵᠡᠯ ᠰᠠᠨᠠᠭ᠎ᠠ ᠪᠠᠨ ᠪᠢᠴᠢᠬᠦ ᠪᠣᠶᠣ ᠵᠣᠷᠢᠭᠤᠳᠠ ᠶᠠᠷᠢᠶᠠᠨ ᠤ ᠠᠭᠤᠯᠭ᠎ᠠ ᠳᠤ ᠨᠡᠮᠡᠯᠲᠡ ᠬᠠᠰᠣᠯᠲᠠ ᠣᠷᠣᠭᠤᠯᠵᠣ ᠪᠢᠴᠢᠵᠦ ᠣᠭᠲᠣ ᠪᠣᠯᠬᠤ ᠦᠭᠡᠢ᠃      ᠭᠤᠷᠪᠡ᠂ ᠴᠠᠭ ᠲᠣᠬᠠᠢ ᠳᠤᠨᠢ ᠵᠦᠪ ᠣᠨᠣᠪᠴᠢᠳᠠᠢ ᠡᠮᠬᠢᠳᠬᠡᠯ ᠬᠢᠬᠦ ᠬᠡᠷᠡᠭᠲᠡᠢ᠃      ᠬᠤᠷᠠᠯ ᠶᠠᠪᠣᠭᠳᠠᠬᠤ ᠦᠶᠡᠰ ᠤᠨ ᠲᠡᠮᠳᠡᠭᠯᠡᠭᠰᠡᠨ ᠠᠭᠤᠯᠭ᠎ᠠ ᠨᠢ ᠵᠦᠪᠬᠡᠨ ᠡᠬᠢ ᠨᠣᠣᠷᠠᠭ ᠪᠠᠶᠢᠵᠣ᠂ ᠬᠤᠷᠠᠯ ᠳᠠᠭᠤᠰᠣᠭᠰᠠᠨ ᠤ ᠳᠠᠷᠠᠭ᠎ᠠ ᠡᠷᠬᠡᠪᠰᠢ ᠡᠬᠢ ᠨᠣᠣᠷᠠᠭ ᠤᠨ ᠰᠠᠭᠤᠷᠢᠨ ᠳᠡᠭᠡᠷ᠎ᠡ ᠪᠦᠷᠢᠨ ᠪᠦᠲᠦᠨ ᠴᠢᠬᠤᠯᠠ ᠡᠯᠧᠮᠧᠨ᠋ᠲ ᠲᠠᠢ᠂ ᠦᠭᠡ ᠦᠰᠦᠭ ᠨᠢ ᠣᠷᠣᠰᠣᠮ᠎ᠡ ᠨᠡᠶᠢᠴᠡᠪᠦᠷᠢᠲᠠᠢ᠂ ᠳᠦᠷᠢᠮᠵᠢᠭᠰᠡᠨ ᠬᠡᠯᠪᠡᠷᠢ ᠮᠠᠶ᠋ᠢᠭ ᠲᠠᠢ ᠬᠤᠷᠠᠯ ᠤᠨ ᠲᠡᠮᠳᠡᠭᠯᠡᠯ ᠢ ᠳᠠᠷᠣᠢ ᠲᠦᠷᠭᠡᠨ ᠡᠮᠬᠢᠳᠬᠡᠨ ᠭᠠᠷᠭᠠᠬᠤ ᠬᠡᠷᠡᠭᠲᠡᠢ᠃ ᠡᠭᠦᠨ ᠳᠤ ᠠᠩᠬᠠᠷᠬᠤ ᠨᠢ᠄ ︵ᠨᠢᠭᠡ︶ ᠲᠡᠮᠳᠡᠭᠯᠡᠭᠰᠡᠨ ᠠᠭᠤᠯᠭ᠎ᠠ ᠶᠢᠨ ᠳᠣᠲᠠᠭᠰᠠᠨ ᠬᠡᠰᠡᠭ ᠢ ᠨᠦᠬᠦᠪᠦᠷᠢᠯᠡᠨ᠎ᠡ᠃ ︵ᠬᠤᠶᠠᠷ︶ ᠬᠦᠮᠦᠨ ᠤ ᠨᠡᠷ᠎ᠡ᠂ ᠭᠠᠵᠠᠷ ᠤᠨ ᠨᠡᠷ᠎ᠡ᠂ ᠪᠠᠶᠢᠭᠤᠯᠭ᠎ᠠ ᠶᠢᠨ ᠨᠡᠷ᠎ᠡ᠂ ᠬᠡᠷᠡᠭ ᠶᠠᠪᠣᠳᠠᠯ ᠤᠨ ᠨᠡᠷ᠎ᠡ ᠵᠡᠷᠭᠡ ᠲᠣᠰᠬᠠᠢ ᠨᠡᠷ᠎ᠡ ᠦᠭᠡᠰ ᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠬᠡᠷᠡᠭᠲᠡᠢ᠃ ︵ᠭᠤᠷᠪᠠ︶ ᠲᠡᠮᠳᠡᠭᠯᠡᠭᠰᠡᠨ ᠪᠢᠴᠢᠭ ᠮᠠᠲ᠋ᠧᠷᠢᠶᠠᠯ ᠢᠶᠠᠨ ᠪᠦᠬᠦ ᠲᠠᠯ᠎ᠠ ᠪᠠᠷ ᠡᠮᠬᠢᠳᠬᠡᠨ ᠪᠠᠶᠢᠴᠠᠭᠠᠬᠤ ᠬᠡᠷᠡᠭᠲᠡᠢ᠃      ᠬᠤᠷᠠᠯ ᠤᠨ ᠲᠡᠮᠳᠡᠭᠯᠡᠯ ᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ