ᠤᠯᠤᠰ ᠤᠨ ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ ᠤᠨ ᠬᠡᠪᠴᠢᠶᠡᠨ ᠳᠤ ᠴᠢᠯᠦᠭᠡᠲᠡᠢ ᠠᠷᠠᠯᠵᠢᠶᠠᠨ ᠤ ᠣᠷᠣᠨ ᠤ ᠪᠠᠶᠢᠭᠤᠯᠤᠯᠲᠠ ᠶᠢᠨ  ᠦᠢᠯᠡᠴᠢᠯᠡᠭᠡ ᠶᠢ ᠠᠬᠢᠭᠤᠯᠬᠤ 12 ᠵᠤᠷᠪᠤᠰ ᠨᠡᠭᠦᠳᠡᠯᠴᠢᠨ ᠠᠷᠠᠳ ᠬᠢᠭᠡᠳ ᠬᠢᠯᠢ ᠪᠠᠷ ᠭᠠᠷᠬᠤ ᠣᠷᠣᠬᠤ ᠳᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠨ᠎ᠡ
ᠨᠡᠶᠢᠲᠡᠯᠡᠭᠰᠡᠨ ᠴᠠᠭ᠄
2019/10/17
     ᠤᠯᠤᠰ ᠤᠨ ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ       ᠤᠨ ᠬᠡᠪᠴᠢᠶᠡᠨ ᠳᠤ ᠴᠢᠯᠦᠭᠡᠲᠡᠢ ᠠᠷᠠᠯᠵᠢᠶᠠᠨ ᠤ ᠣᠷᠣᠨ ᠤ ᠪᠠᠶᠢᠭᠤᠯᠤᠯᠲᠠ ᠶᠢᠨ        ᠦᠢᠯᠡᠴᠢᠯᠡᠭᠡ ᠶᠢ ᠠᠬᠢᠭᠤᠯᠬᠤ 12 ᠵᠤᠷᠪᠤᠰ ᠨᠡᠭᠦᠳᠡᠯᠴᠢᠨ ᠠᠷᠠᠳ ᠬᠢᠭᠡᠳ ᠬᠢᠯᠢ ᠪᠠᠷ      ᠭᠠᠷᠬᠤ ᠣᠷᠣᠬᠤ ᠳᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠨ᠎ᠡ      1. ᠥᠨᠳᠥᠷ ᠲᠦᠪᠰᠢᠨ ᠲᠠᠢ ᠴᠢᠳᠠᠪᠤᠷᠢᠲᠠᠨ᠂ ᠴᠢᠬᠤᠯᠠ ᠶᠡᠭᠡ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠴᠢ ᠤᠯᠤᠰ ᠲᠤ ᠣᠨᠴᠠᠭᠠᠢ ᠬᠡᠷᠡᠭᠴᠡᠭᠡ ᠲᠠᠢ ᠭᠠᠳᠠᠭᠠᠳᠤ ᠶᠢᠨ ᠬᠥᠮᠦᠨ ᠢ ᠤᠯᠤᠰ ᠤᠨ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠭᠤᠤᠯᠳᠠᠯᠭ᠎ᠠ ᠲᠠᠢ ᠬᠥᠭᠵᠢᠭᠦᠯᠬᠦ ᠣᠷᠣᠨ ᠪᠦᠰᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠨᠢᠯᠴᠠᠭᠤᠯᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠤᠮᠳᠠᠳᠤ ᠤᠯᠤᠰ ᠲᠤ ᠥᠨᠢᠳᠡ ᠰᠠᠭᠤᠷᠢᠰᠢᠬᠤ ᠪᠠᠷ ᠭᠤᠶᠤᠴᠢᠯᠠᠵᠤ ᠪᠣᠯᠤᠨ᠎ᠠ᠃ ᠳᠡᠭᠡᠷ᠎ᠡ ᠳᠤᠷᠠᠳᠤᠭᠰᠠᠨ ᠬᠥᠮᠦᠰ ᠤᠨ ᠬᠤᠯᠪᠣᠰᠤ ᠪᠣᠯᠤᠨ ᠨᠠᠰᠤᠨ ᠳᠤ ᠬᠦᠷᠦᠭᠡᠳᠦᠢ ᠦᠷ᠎ᠡ ᠬᠡᠤᠬᠡᠳ ᠨᠢ ᠬᠠᠮᠲᠤ ᠪᠠᠷ ᠭᠤᠶᠤᠴᠢᠯᠠᠵᠤ ᠪᠣᠯᠤᠨ᠎ᠠ᠃      2. ᠳᠤᠮᠳᠠᠳᠤ ᠤᠯᠤᠰ ᠤᠨ ᠬᠢᠯᠢ ᠳᠣᠲᠣᠷ᠎ᠠ ᠠᠵᠢᠯᠯᠠᠵᠤ ᠪᠠᠶᠢᠭ᠎ᠠ ᠭᠠᠳᠠᠭᠠᠳᠤ ᠶᠢᠨ ᠬᠥᠮᠦᠨ᠂ ᠦᠷᠭᠦᠯᠵᠢᠯᠡᠨ ᠪᠦᠬᠦᠯᠢ 4 ᠵᠢᠯ ᠠᠵᠢᠯᠯᠠᠵᠤ᠂ ᠵᠢᠯ ᠪᠦᠷᠢ ᠪᠣᠳᠠᠲᠠᠶ ᠰᠠᠭᠤᠷᠢᠰᠢᠭᠰᠠᠨ ᠬᠤᠭᠤᠴᠠᠭ᠎ᠠ ᠨᠢ 6 ᠰᠠᠷ᠎ᠠ ᠠᠴᠠ ᠳᠤᠲᠠᠭᠤ ᠦᠭᠡᠢ᠂ ᠴᠠᠯᠢᠩ ᠤᠨ ᠴᠢᠨᠠᠷᠲᠠᠶ ᠵᠢᠯ ᠤᠨ ᠣᠷᠣᠯᠭ᠎ᠠ ᠨᠢ ᠳᠡᠭᠡᠷ᠎ᠡ ᠨᠢᠭᠡ ᠵᠢᠯ ᠤᠨ ᠪᠠᠶᠢᠭ᠎ᠠ ᠭᠠᠵᠠᠷ ᠣᠷᠣᠨ ᠤ ᠬᠤᠲᠠ ᠪᠠᠯᠭᠠᠰᠤᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠵᠢᠷᠭᠤᠭᠠᠨ ᠲᠠᠬᠢᠨ ᠠᠴᠠ  ᠪᠠᠭ᠎ᠠ ᠪᠤᠰᠤ᠂ ᠵᠢᠯ ᠤᠨ ᠲᠤᠰᠢᠶᠠᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠨᠢ ᠴᠠᠯᠢᠩ ᠤᠨ ᠴᠢᠨᠠᠷᠲᠠᠶ ᠵᠢᠯ ᠤᠨ ᠣᠷᠣᠯᠭ᠎ᠠ ᠶᠢᠨ ᠪᠠᠷᠢᠮᠵᠢᠶ᠎ᠠ ᠶᠢᠨ 20 % ᠠᠴᠠ ᠳᠣᠤᠷ᠎ᠠ ᠥᠬᠡᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠤᠮᠳᠠᠳᠤ ᠤᠯᠤᠰ ᠲᠤ ᠥᠨᠢᠳᠡ ᠣᠷᠣᠰᠢᠨ ᠰᠠᠭᠤᠷᠢᠰᠢᠬᠤ ᠪᠠᠷ ᠭᠤᠶᠤᠴᠢᠯᠠᠵᠤ ᠪᠣᠯᠤᠨ᠎ᠠ᠃ ᠲᠡᠭᠦᠨ ᠤ ᠬᠤᠯᠪᠣᠰᠤ ᠪᠠ ᠨᠠᠰᠤᠨ ᠳᠤ ᠬᠦᠷᠦᠭᠡᠳᠦᠢ ᠦᠷ᠎ᠡ ᠬᠡᠤᠬᠡᠳ ᠨᠢ ᠬᠠᠮᠲᠤ ᠪᠠᠷ ᠭᠤᠶᠤᠴᠢᠯᠠᠵᠤ ᠪᠣᠯᠤᠨ᠎ᠠ᠃      3. ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠬᠠᠷᠢᠶ᠎ᠠ ᠲᠠᠢ ᠳᠤᠮᠳᠠᠳᠤᠴᠤᠳ᠂ ᠳ᠋ᠣᠺᠲ᠋ᠣᠷᠠᠨᠲ ᠤᠨ ᠰᠤᠷᠤᠯᠭ᠎ᠠ ᠶᠢᠨ ᠨᠠᠮᠲᠠᠷ ᠲᠠᠢ ᠪᠤᠶᠤ ᠤᠯᠤᠰ ᠤᠨ ᠭᠤᠤᠯᠳᠠᠯᠭ᠎ᠠ ᠲᠠᠢ ᠬᠥᠭᠵᠢᠭᠦᠯᠬᠦ ᠣᠷᠣᠨ ᠪᠦᠰᠡ ᠳᠤ ᠵᠠᠯᠭᠠᠭ᠎ᠠ ᠪᠠᠷ ᠪᠦᠬᠦᠯᠢ 4 ᠵᠢᠯ ᠠᠵᠢᠯᠯᠠᠵᠤ᠂ ᠵᠢᠯ ᠪᠦᠷᠢ ᠪᠣᠳᠠᠲᠠᠶ ᠰᠠᠭᠤᠷᠢᠰᠢᠭᠰᠠᠨ ᠬᠤᠭᠤᠴᠠᠭ᠎ᠠ ᠨᠢ 6 ᠰᠠᠷ᠎ᠠ ᠠᠴᠠ ᠳᠤᠲᠠᠭᠤ ᠥᠬᠡᠶ  ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠤᠮᠳᠠᠳᠤ ᠤᠯᠤᠰ ᠲᠤ ᠥᠨᠢᠳᠡ ᠣᠷᠣᠰᠢᠨ ᠰᠠᠭᠤᠷᠢᠰᠢᠬᠤ ᠪᠠᠷ ᠭᠤᠶᠤᠴᠢᠯᠠᠵᠤ ᠪᠣᠯᠤᠨ᠎ᠠ᠃ ᠲᠡᠭᠦᠨ ᠤ ᠬᠤᠯᠪᠣᠰᠤ ᠪᠠ ᠨᠠᠰᠤᠨ ᠳᠤ ᠬᠦᠷᠦᠭᠡᠳᠦᠢ ᠦᠷ᠎ᠡ ᠬᠡᠤᠬᠡᠳ ᠨᠢ ᠬᠠᠮᠲᠤ ᠪᠠᠷ ᠭᠤᠶᠤᠴᠢᠯᠠᠵᠤ ᠪᠣᠯᠤᠨ᠎ᠠ᠃      4. ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠭᠠᠵᠠᠷ ᠪᠠ ᠨᠡᠷᠡᠲᠦ ᠠᠵᠤ ᠠᠬᠤᠶᠢᠯᠠᠯ ᠤᠨ ᠤᠷᠢᠭᠰᠠᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠢᠳᠠᠪᠤᠷᠢᠲᠠᠨ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠦᠨᠳᠦᠷ ᠳᠡᠰ ᠳᠠᠪᠬᠤᠷᠭ᠎ᠠ ᠶᠢᠨ ᠬᠠᠮᠢᠶᠠᠷᠤᠯᠲᠠ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠣᠭᠤᠮᠲᠠ ᠶᠢᠨ ᠸᠢᠰᠠ ᠲᠠᠮᠠᠭᠠᠯᠠᠬᠤ ᠰᠠᠯᠠᠭ᠎ᠠ ᠮᠥᠴᠢᠷ ᠲᠤ ᠪᠣᠭᠤᠮᠲᠠ ᠶᠢᠨ ᠸᠢᠰᠠ ᠲᠠᠮᠠᠭᠠᠯᠠᠬᠤ ᠶᠢ ᠭᠤᠶᠤᠴᠢᠯᠠᠨ ᠭᠦᠢᠴᠡᠳᠬᠡᠵᠦ ᠬᠢᠯᠢ ᠳᠤ ᠣᠷᠣᠵᠤ ᠪᠣᠯᠤᠨ᠎ᠠ᠃ ᠬᠢᠯᠢ ᠳᠤ ᠣᠷᠣᠭᠰᠠᠨ ᠤ ᠳᠠᠷᠠᠭ᠎ᠠ ᠤᠷᠢᠭᠰᠠᠨ ᠨᠢᠭᠡᠴᠢ ᠶᠢᠨ ᠭᠡᠷᠡᠴᠢ ᠵᠠᠬᠢᠳᠠᠯ ᠵᠡᠷᠭᠡ ᠮᠠᠲ᠋ᠧᠷᠢᠶᠠᠯ ᠢᠶᠠᠨ ᠠᠪᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5 ᠵᠢᠯ ᠤᠨ ᠳᠣᠲᠣᠷᠠᠬᠢ ᠣᠯᠠᠨ ᠤᠳᠠᠭᠠᠨ ᠤ ᠸᠢᠰᠠ ᠪᠤᠶᠤ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ ᠠᠪᠴᠤ ᠪᠣᠯᠤᠨ᠎ᠠ᠃      5. ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠬᠥᠭᠵᠢᠭᠦᠯᠬᠦ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠬᠢᠨ ᠤ ᠪᠠᠲᠤᠯᠠᠨ ᠲᠠᠨᠢᠯᠴᠠᠭᠤᠯᠤᠭᠰᠠᠨ ᠴᠢᠳᠠᠪᠤᠷᠢᠲᠠᠨ ᠪᠠ ᠰᠢᠨ᠎ᠡ ᠶᠢ ᠡᠭᠦᠳᠦᠨ ᠦᠢᠯᠡᠰ ᠪᠦᠲᠦᠭᠡᠬᠦ ᠪᠦᠯᠬᠦᠮ ᠨᠡᠶᠢᠲᠡ ᠶᠢᠨ ᠭᠡᠰᠢᠭᠦᠨ ᠨᠢ ᠠᠵᠢᠯᠯᠠᠬᠤ ᠵᠥᠪᠰᠢᠶᠡᠷᠡᠯ ᠪᠠ ᠨᠢᠭᠡᠴᠡ ᠶᠢᠨ ᠵᠠᠬᠢᠳᠠᠯ ᠵᠡᠷᠭᠡ ᠮᠠᠲ᠋ᠧᠷᠢᠶᠠᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5 ᠵᠢᠯ ᠤᠨ ᠳᠣᠲᠣᠷᠠᠬᠢ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ ᠭᠦᠢᠴᠡᠳᠬᠡᠵᠦ ᠪᠣᠯᠣᠨ᠎ᠠ᠃ ᠰᠢᠨ᠎ᠡ ᠶᠢ ᠡᠭᠦᠳᠦᠨ ᠦᠢᠯᠡᠰ ᠪᠦᠲᠦᠭᠡᠬᠦ ᠪᠦᠯᠬᠦᠮ ᠨᠡᠶᠢᠲᠡ ᠶᠢᠨ ᠭᠠᠳᠠᠭᠠᠳᠤ ᠶᠢᠨ ᠭᠡᠰᠢᠭᠦᠨ ᠨᠢ ᠪᠠᠰᠠ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠢᠶᠠᠷ ᠢᠶᠠᠨ ᠳᠠᠭᠠᠭᠠᠯᠲᠠ ᠬᠢᠯᠭᠡᠭᠰᠡᠨ ᠵᠠᠬᠢᠳᠠᠯ ᠤᠨ ᠵᠦᠢᠯ ᠢᠶᠠᠷ 5 ᠵᠢᠯ ᠤᠨ ᠳᠣᠲᠣᠷᠠᠬᠢ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ ᠭᠦᠢᠴᠡᠳᠬᠡᠵᠦ ᠪᠣᠯᠤᠨ᠎ᠠ᠃      6. ᠴᠢᠬᠤᠯᠠ ᠶᠡᠭᠡ ᠳᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠴᠢ ᠤᠯᠤᠰ ᠲᠤ ᠣᠨᠴᠠᠭᠠᠢ ᠬᠡᠷᠡᠭᠴᠡᠭᠡ ᠲᠠᠢ ᠭᠠᠳᠠᠭᠠᠳᠤ ᠶᠢᠨ ᠬᠥᠮᠦᠨ᠂ ᠲᠡᠭᠦᠨ ᠤ ᠳᠠᠭᠠᠭᠤᠯᠤᠭᠰᠠᠨ ᠠᠵᠢᠯᠯᠠᠬᠤ ᠪᠦᠯᠬᠦᠮ ᠤᠨ ᠭᠠᠳᠠᠭᠠᠳᠤ ᠶᠢᠨ ᠬᠠᠷᠢᠶ᠎ᠠ ᠲᠠᠢ ᠭᠡᠰᠢᠭᠦᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯᠲᠠᠨ ᠢᠶᠠᠨ ᠲᠠᠨᠢᠯᠴᠠᠭᠤᠯᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5 ᠵᠢᠯ ᠤᠨ ᠳᠣᠲᠣᠷᠠᠬᠢ ᠬᠦᠴᠦᠨ ᠲᠠᠢ ᠬᠤᠭᠤᠴᠠᠭ᠎ᠠ ᠪᠦᠬᠦᠢ ᠤᠷᠲᠤ ᠬᠤᠭᠤᠴᠠᠭᠠᠨ ᠤ ᠸᠢᠰᠠ ᠪᠤᠶᠤ ᠣᠷᠣᠰᠢᠨ ᠰᠠᠭᠤᠬᠤ ᠵᠥᠪᠰᠢᠶᠡᠷᠡᠯ ᠢ ᠭᠤᠶᠤᠴᠢᠯᠠᠵᠤ ᠪᠣᠯᠤᠨ᠎ᠠ᠃      7. ᠳᠤᠮᠳᠠᠳᠤ ᠤᠯᠤᠰ ᠤᠨ ᠬᠢᠯᠢ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠷᠢᠵᠤ ᠬᠡᠷᠡᠭᠯᠡᠭᠰᠡᠨ ᠭᠠᠳᠠᠭᠠᠳᠤ ᠶᠢᠨ ᠬᠥᠮᠦᠨ᠂ ᠨᠢᠭᠡᠨᠲᠡ  ᠠᠵᠢᠯ  ᠶᠢᠨ  ᠵᠥᠪᠰᠢᠶᠡᠷᠡᠯ ᠢ ᠲᠣᠬᠢᠲᠠᠶ ᠭᠦᠢᠴᠡᠳᠬᠡᠭᠰᠡᠨ᠂ ᠬᠢᠯᠢ ᠠᠴᠠ ᠭᠠᠷᠴᠤ ᠠᠵᠢᠯ ᠶᠢᠨ ᠸᠢᠰᠠ ᠠᠪᠴᠤ ᠠᠮᠵᠢᠬᠤ ᠦᠭᠡᠢ ᠪᠠᠶᠢᠪᠠᠯ᠂ ᠠᠵᠢᠯ ᠶᠢᠨ ᠵᠥᠪᠰᠢᠶᠡᠷᠡᠯ ᠵᠡᠷᠭᠡ ᠮᠠᠲ᠋ᠧᠷᠢᠶᠠᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠢᠯ ᠶᠢᠨ ᠲᠥᠷᠥᠯ ᠤᠨ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ ᠭᠦᠢᠴᠡᠳᠬᠡᠵᠦ ᠪᠣᠯᠤᠨ᠎ᠠ᠃ 1 ᠵᠢᠯ ᠠᠴᠠ ᠳᠡᠭᠡᠭᠰᠢ ᠠᠵᠢᠯ ᠶᠢᠨ ᠲᠥᠷᠥᠯ ᠤᠨ ᠣᠷᠣᠰᠢᠨ ᠰᠠᠭᠤᠷᠢᠰᠢᠬᠤ ᠵᠥᠪᠰᠢᠶᠡᠷᠡᠯ ᠢ ᠨᠢᠭᠡᠨᠲᠡ ᠵᠠᠯᠭᠠᠭ᠎ᠠ ᠪᠠᠷ ᠬᠤᠶᠠᠷ ᠤᠳᠠᠭ᠎ᠠ ᠭᠦᠢᠴᠡᠳᠬᠡᠭᠰᠡᠨ ᠪᠥᠭᠡᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠥᠬᠡᠶ ᠪᠠᠶᠢᠪᠠᠯ᠂ ᠭᠤᠷᠪᠠᠳᠤᠭᠠᠷ ᠤᠳᠠᠭ᠎ᠠ ᠠᠵᠢᠯ ᠶᠢᠨ ᠲᠥᠷᠥᠯ ᠤᠨ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠬᠤ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5 ᠵᠢᠯ ᠤᠨ ᠬᠤᠭᠤᠴᠠᠭ᠎ᠠ ᠪᠦᠬᠦᠢ ᠬᠦᠴᠦᠨ ᠲᠠᠢ ᠠᠵᠢᠯ ᠶᠢᠨ ᠲᠥᠷᠥᠯ ᠤᠨ ᠣᠷᠣᠰᠢᠨ ᠰᠠᠭᠤᠷᠢᠰᠢᠬᠤ ᠵᠥᠪᠰᠢᠶᠡᠷᠡᠯ ᠢ ᠲᠣᠭᠲᠠᠭᠠᠯ ᠶᠣᠰᠣᠭᠠᠷ ᠭᠤᠶᠤᠴᠢᠯᠠᠨ ᠭᠦᠢᠴᠡᠳᠬᠡᠵᠦ ᠪᠣᠯᠤᠨ᠎ᠠ᠃      8. ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠨᠡᠷᠡᠲᠦ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠥᠨᠳᠥᠷ ᠲᠦᠪᠰᠢᠨ ᠲᠠᠢ ᠴᠢᠳᠠᠪᠤᠷᠢᠲᠠᠨ᠂ ᠠᠵᠢᠯᠯᠠᠵᠤ ᠪᠠᠶᠢᠭ᠎ᠠ ᠨᠢᠭᠡᠴᠡ ᠪᠣᠯᠤᠨ ᠲᠤᠰᠢᠶᠠᠯ ᠬᠠᠪᠰᠤᠷᠭᠠᠭᠰᠠᠨ ᠨᠢᠭᠡᠴᠡ ᠪᠠᠷ ᠵᠥᠪᠰᠢᠶᠡᠷᠡᠭᠦᠯᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠪᠠᠯ᠂ ᠲᠤᠰᠢᠶᠠᠯ ᠬᠠᠪᠰᠤᠷᠭᠠᠵᠤ ᠰᠢᠨ᠎ᠡ ᠶᠢ ᠡᠭᠦᠳᠦᠨ ᠦᠢᠯᠡᠰ ᠪᠦᠲᠦᠭᠡᠵᠦ ᠪᠣᠯᠤᠨ᠎ᠠ᠃      9. ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠳᠡᠭᠡᠳᠦ ᠰᠤᠷᠭᠠᠭᠤᠯᠢ ᠳᠤ ᠦᠨᠳᠦᠰᠦᠨ ︵ᠵᠢᠩᠬᠢᠨᠢ︶ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠭᠠᠳᠠᠭᠠᠳᠤ ᠶᠢᠨ ᠰᠢᠯᠢᠳᠡᠭ ᠰᠤᠷᠤᠭᠴᠢ᠂ ᠲᠡᠭᠦᠰᠦᠭᠰᠡᠨ ᠤ ᠳᠠᠷᠠᠭ᠎ᠠ ᠳᠤᠮᠳᠠᠳᠤ ᠤᠯᠤᠰ ᠲᠤ ᠰᠢᠨ᠎ᠡ ᠶᠢ ᠡᠭᠦᠳᠦᠨ ᠦᠢᠯᠡᠰ ᠪᠦᠲᠦᠭᠡᠬᠦ ᠠᠵᠢᠯᠯᠠᠭ᠎ᠠ ᠬᠢᠬᠦ ᠳᠤ ᠪᠠᠨ᠂ ᠳᠡᠭᠡᠳᠦ ᠰᠤᠷᠭᠠᠭᠤᠯᠢ ᠶᠢᠨ ᠲᠡᠭᠦᠰᠬᠦ ᠦᠨᠡᠮᠯᠡᠯ ᠪᠠ ᠰᠢᠨ᠎ᠡ ᠶᠢ ᠡᠭᠦᠳᠦᠨ ᠦᠢᠯᠡᠰ ᠪᠦᠲᠦᠭᠡᠬᠦ ᠵᠡᠷᠭᠡ ᠭᠡᠷᠡᠴᠢ ᠮᠠᠲ᠋ᠧᠷᠢᠶᠠᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2 — 5 ᠵᠢᠯ ᠤᠨ ᠬᠤᠭᠤᠴᠠᠭ᠎ᠠ ᠪᠦᠬᠦᠢ ᠬᠦᠴᠦᠨ ᠲᠠᠢ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ ᠭᠦᠢᠴᠡᠳᠬᠡᠵᠦ ᠪᠣᠯᠤᠨ᠎ᠠ᠃      10. ᠣᠯᠠᠨ ᠤᠯᠤᠰ ᠤᠨ ᠨᠡᠷᠡᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠭᠠᠳᠠᠭᠠᠳᠤ ᠶᠢᠨ ᠰᠤᠷᠤᠭᠴᠢ ᠲᠡᠭᠦᠰᠦᠭᠰᠡᠨ ᠤ ᠳᠠᠷᠠᠭ᠎ᠠ 2 ᠵᠢᠯ ᠤᠨ ᠳᠣᠲᠣᠷ᠎ᠠ ᠳᠤᠮᠳᠠᠳᠤ ᠤᠯᠤᠰ ᠲᠤ ᠢᠷᠡᠵᠦ ᠰᠢᠨ᠎ᠡ ᠶᠢ ᠡᠭᠦᠳᠦᠨ ᠦᠢᠯᠡᠰ ᠪᠦᠲᠦᠭᠡᠪᠡᠯ᠂ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠭᠡᠷᠡᠴᠢ ᠵᠡᠷᠭᠡ ᠮᠠᠲ᠋ᠧᠷᠢᠶᠠᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2 ᠵᠢᠯ ᠤᠨ ᠳᠣᠲᠣᠷᠠᠬᠢ ᠣᠷᠣᠰᠢᠨ ᠰᠠᠭᠤᠷᠢᠰᠢᠬᠤ ᠵᠥᠪᠰᠢᠶᠡᠷᠡᠯ ᠢ ᠭᠤᠶᠤᠴᠢᠯᠠᠨ  ᠭᠦᠢᠴᠡᠳᠬᠡᠵᠦ ᠪᠣᠯᠤᠨ᠎ᠠ᠃      11. ᠤᠯᠤᠰ ᠤᠨ ᠳᠣᠲᠣᠭᠠᠳᠤ ᠶᠢᠨ ᠨᠡᠷᠡᠲᠦ ᠠᠵᠤ ᠠᠬᠤᠶᠢᠯᠠᠯ ᠪᠣᠯᠤᠨ ᠠᠵᠢᠯ ᠦᠢᠯᠡᠰ ᠤᠨ ᠨᠢᠭᠡᠴᠡ ᠳᠤ ᠤᠷᠢᠭᠳᠠᠵᠤ ᠳᠤᠮᠳᠠᠳᠤ ᠤᠯᠤᠰ ᠲᠤ ᠳᠠᠳᠤᠯᠭ᠎ᠠ ᠬᠢᠬᠦ ᠪᠠᠷ ᠢᠷᠡᠭᠰᠡᠨ ᠬᠢᠯᠢ ᠶᠢᠨ ᠭᠠᠳᠠᠨᠠᠬᠢ ᠳᠡᠭᠡᠳᠦ ᠰᠤᠷᠭᠠᠭᠤᠯᠢ ᠶᠢᠨ ᠭᠠᠳᠠᠭᠠᠳᠤ ᠶᠢᠨ ᠰᠤᠷᠤᠭᠴᠢ᠂ ᠤᠷᠢᠭᠰᠠᠨ ᠨᠢᠭᠡᠴᠡ ᠶᠢᠨ ᠵᠠᠬᠢᠳᠠᠯ ᠪᠣᠯᠤᠨ ᠳᠡᠭᠡᠳᠦ ᠰᠤᠷᠭᠠᠭᠤᠯᠢ ᠶᠢᠨ ᠰᠤᠷᠤᠯᠴᠠᠭᠰᠠᠨ ᠭᠡᠷᠡᠴᠢ ᠵᠡᠷᠭᠡ ᠮᠠᠲ᠋ᠧᠷᠢᠶᠠᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 1 ᠵᠢᠯ ᠤᠨ ᠬᠤᠭᠤᠴᠠᠭ᠎ᠠ ᠪᠦᠬᠦᠢ ᠬᠦᠴᠦᠨ ᠲᠠᠢ ᠸᠢᠰᠠ ᠶᠢ ᠭᠤᠶᠤᠴᠢᠯᠠᠨ ᠭᠦᠢᠴᠡᠳᠬᠡᠵᠦ ᠪᠣᠯᠤᠨ᠎ᠠ᠃ ᠵᠠᠰᠠᠭ ᠤᠨ ᠣᠷᠳᠣᠨ ᠤ ᠬᠤᠭᠤᠷᠣᠨᠳᠣᠬᠢ ᠵᠥᠪᠳᠡᠯᠴᠡᠬᠡᠷ ᠢᠶᠠᠷ ᠳᠤᠮᠳᠠᠳᠤ ᠤᠯᠤᠰ ᠲᠤ ᠳᠠᠳᠤᠯᠭ᠎ᠠ ᠬᠢᠬᠦ ᠪᠠᠷ ᠢᠷᠡᠭᠰᠡᠨ ᠬᠢᠯᠢ ᠶᠢᠨ ᠭᠠᠳᠠᠨᠠᠬᠢ ᠳᠡᠭᠡᠳᠦ ᠰᠤᠷᠭᠠᠭᠤᠯᠢ ᠶᠢᠨ ᠭᠠᠳᠠᠭᠠᠳᠤ ᠶᠢᠨ ᠰᠤᠷᠤᠭᠴᠢ᠂ ᠠᠵᠢᠯ ᠤᠨ ᠲᠥᠷᠥᠯ ᠤᠨ ᠣᠷᠣᠰᠢᠨ ᠰᠠᠭᠤᠷᠢᠰᠢᠬᠤ ᠵᠥᠪᠰᠢᠶᠡᠷᠡᠯ ᠢ ᠲᠣᠭᠲᠠᠭᠠᠯ ᠶᠣᠰᠣᠭᠠᠷ ᠭᠤᠶᠤᠴᠢᠯᠠᠨ ᠭᠦᠢᠴᠡᠳᠬᠡᠵᠦ ᠪᠣᠯᠤᠨ᠎ᠠ᠃      12. ᠭᠠᠳᠠᠭᠠᠳᠤ ᠶᠢᠨ ᠬᠥᠮᠦᠨ ᠨᠡᠯᠢᠶᠡᠳ ᠲᠥᠪᠯᠡᠷᠡᠭᠰᠡᠨ ᠭᠠᠵᠠᠷ ᠣᠷᠣᠨ ᠳᠤ ᠨᠡᠭᠦᠳᠡᠯᠴᠢᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠥᠷᠲᠡᠭᠡ ᠴᠢᠭ︶ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠪᠠᠶᠢᠩᠭᠤ ᠰᠠᠭᠤᠭ᠎ᠠ ᠭᠠᠳᠠᠭᠠᠳᠤ ᠶᠢᠨ ᠬᠥᠮᠦᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠣᠷᠣᠰᠢᠨ  ᠰᠠᠭᠤᠬᠤ  ᠵᠢᠭᠤᠯᠴᠢᠯᠠᠯ᠂ ᠬᠠᠤᠯᠢ ᠴᠠᠭᠠᠵᠠ ᠶᠢᠨ ᠲᠤᠰᠠᠯᠠᠮᠵᠢ᠂ ᠦᠭᠡ ᠬᠡᠯᠡ ᠰᠣᠶᠣᠯ ᠵᠡᠷᠭᠡ ᠠᠵᠢᠯ ᠰᠤᠷᠤᠯᠭ᠎ᠠ ᠶᠢᠨ ᠠᠮᠢᠳᠤᠷᠠᠯ ᠳᠤ ᠳᠥᠭᠦᠮ ᠦᠵᠡᠭᠦᠯᠬᠦ ᠦᠢᠯᠡᠴᠢᠯᠡᠭᠡᠨ ᠬᠠᠩᠭᠠᠨ᠎ᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ