ᠮᠠᠨ ᠤ ᠤᠷᠤᠨ ᠠᠵᠤ ᠠᠬᠤᠢ ᠶᠢᠨ ᠶᠠᠯᠠᠳᠣ ᠠᠵᠢᠯᠯᠠᠭ᠎ᠠ ᠳᠤ ᠴᠤᠬᠢᠯᠲᠠ ᠦᠭᠴᠦ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019/11/25
             ᠮᠠᠨ ᠤ ᠤᠷᠤᠨ ᠠᠵᠤ ᠠᠬᠤᠢ ᠶᠢᠨ ᠶᠠᠯᠠᠳᠣ ᠠᠵᠢᠯᠯᠠᠭ᠎ᠠ ᠳᠤ ᠴᠤᠬᠢᠯᠲᠠ ᠦᠭᠴᠦ             ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ       5 ᠰᠠᠷ᠎ᠠ ᠶᠢᠨ 15 ᠤ ᠡᠳᠦᠷ ᠪᠤᠯ ᠠᠷᠪᠠᠳᠠᠬᠢ ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠢ ᠵᠢᠨ‌‍ᠶᠠᠯᠠᠳᠣ ᠠᠵᠢᠯᠯᠠᠭ᠎ᠠ ᠳᠤ ᠴᠤᠬᠢᠯᠲᠠ ᠦᠭᠴᠦ ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠤᠯᠤᠨ᠎ᠠ᠃ ᠡᠨᠡ ᠡᠳᠦᠷ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠢᠭᠡᠳ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠶᠠᠪᠤᠳᠡᠯ ᠤᠨ ᠲᠤᠪᠴᠢᠶ᠎ᠠ᠂ ᠦᠪᠡᠷᠳᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡᠨ ᠤ ᠬᠢᠨᠡᠨ ᠬᠠᠮᠢᠶᠠᠷᠬᠤ ᠲᠤᠪᠴᠢᠶ᠎ᠠ ᠵᠡᠷᠭᠡ ᠰᠠᠯᠠᠭ᠎ᠠ ᠮᠦᠴᠢᠷ ᠬᠠᠮᠲᠤᠷᠡᠨ ᠬᠦᠬᠡᠬᠤᠲᠠ ᠳᠤ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠲᠤᠳᠤᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠡᠯ᠂ ᠪᠤᠭᠤᠮᠲᠠ ᠵᠡᠷᠭᠡ ᠰᠠᠯᠠᠭ᠎ᠠ ᠮᠦᠴᠢᠷ ᠤᠨ ᠠᠵᠢᠯᠲᠡᠳ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠤᠷᠢᠶ᠎ᠠ ᠨᠠᠭᠠᠬᠤ᠂ ᠬᠠᠭᠤᠷᠮᠠᠭ ᠢ ᠢᠯᠭᠠᠨ ᠲᠠᠨᠢᠵᠤ ᠮᠡᠭᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠪᠤᠳᠠᠰ ᠲᠠᠷᠬᠠᠭᠠᠬᠤ᠂ ᠠᠷᠠᠳ ᠤᠯᠠᠨ ᠤ ᠬᠠᠤᠯᠢ ᠴᠠᠭᠠᠵᠠ ᠶᠢᠨ ᠠᠰᠠᠭᠤᠨ ᠯᠠᠪᠯᠠᠭ᠎ᠠ ᠶᠢ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠳᠠᠮᠵᠢᠭᠤᠯᠤᠨ ᠪᠤᠷᠤᠯᠠᠭᠤᠯᠬᠤ ᠶᠠᠯ᠎ᠡ ᠬᠢᠬᠦ ᠪᠠ ᠬᠤᠪᠢ ᠪᠠᠷ ᠢᠶᠠᠨ ᠪᠡᠯᠡ ᠴᠤᠭᠯᠠᠭᠤᠯᠬᠤ ᠮᠦᠩᠭᠦᠨ ᠬᠦᠢᠯᠭᠡᠭᠡᠨ ᠤ ᠶᠠᠯ᠎ᠡ ᠬᠢᠬᠦ ᠵᠡᠷᠭᠡ ᠤᠯᠠᠨ ᠨᠡᠶᠢᠲᠠ ᠲᠠᠢ ᠬᠤᠯᠪᠤᠭᠳᠠᠭᠰᠠᠨ ᠠᠵᠤ ᠠᠬᠤᠢ ᠶᠢᠨ ᠶᠠᠯᠠᠳᠣ ᠠᠵᠢᠯᠯᠠᠭ᠎ᠠ ᠶᠢᠨ ᠲᠤᠭᠤᠷᠢᠨ ᠳᠤ᠂ ᠶᠠᠯᠠᠲᠦ ᠠᠵᠢᠯᠯᠠᠭ᠎ᠠ ᠶᠢᠨ ᠬᠡᠯᠪᠡᠷᠢ ᠪᠠᠶᠢᠳᠡᠯ ᠪᠠ ᠤᠨᠴᠢᠯᠢᠭ ᠢ ᠲᠠᠨᠢᠯᠴᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠡᠳᠡᠯᠤᠨ᠂ ᠶᠡᠷᠦᠳᠡ ᠶᠢᠨ ᠶᠠᠯ᠎ᠡ ᠬᠢᠬᠦ ᠠᠷᠭ᠎ᠠ ᠪᠠᠰᠢᠷ ᠢ ᠶᠠᠷᠢᠵᠦ ᠲᠠᠶᠢᠯᠪᠦᠷᠢᠯᠠᠵᠤ᠂ ᠮᠡᠬᠡᠯᠡᠭᠳᠡᠬᠦ ᠠᠴᠠ ᠰᠡᠷᠭᠡᠶᠢᠯᠡᠬᠦ ᠮᠡᠳᠡᠯᠭᠡ ᠪᠠ ᠦᠪᠡᠷ ᠢ ᠪᠠᠨ ᠠᠪᠤᠷᠠᠬᠤ ᠠᠷᠭ᠎ᠠ ᠳᠡᠮ ᠢ ᠵᠢᠭᠠᠨ ᠤᠯᠠᠮᠵᠢᠯᠠᠵᠤ᠂ ᠠᠷᠠᠳ ᠤᠯᠠᠨ ᠤ ᠠᠵᠤ ᠠᠬᠤᠢ ᠶᠢᠨ ᠶᠠᠯᠠᠲᠦ ᠠᠵᠢᠯᠯᠠᠭ᠎ᠠ ᠶᠢ ᠢᠯᠭᠠᠨ ᠲᠠᠨᠢᠬᠤ ᠪᠠ ᠰᠡᠷᠭᠡᠶᠢᠯᠡᠬᠦ ᠦᠵᠡᠯ ᠤᠬᠠᠮᠰᠡᠷ ᠵᠢᠴᠢ ᠴᠢᠳᠠᠪᠦᠷᠢ ᠶᠢ ᠨᠢ ᠳᠡᠭᠡᠭᠰᠢᠯᠡᠭᠦᠯᠵᠡᠢ᠃       ᠳᠠᠷᠠᠭᠠᠴᠢ ᠪᠠᠷ᠂ ᠮᠠᠨ ᠤ ᠤᠷᠤᠨ ᠤ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠤᠨ ᠠᠵᠤ ᠠᠬᠤᠢ ᠶᠢᠨ ᠶᠠᠯᠠᠲᠦ ᠠᠵᠢᠯᠯᠠᠭ᠎ᠠ ᠶᠢ ᠰᠡᠷᠭᠡᠶᠢᠯᠡᠨ ᠴᠤᠬᠢᠯᠲᠡ ᠦᠭᠬᠦ ᠠᠵᠢᠯ ᠦᠷᠭᠦᠯᠵᠢᠯᠡᠨ ᠨᠡᠶᠢᠭᠡᠮ ᠤᠨ ᠲᠠᠯ᠎ᠠ ᠲᠡᠰᠢ ᠭᠦᠨᠵᠡᠭᠡᠶᠢᠷᠡᠵᠤ᠂ ᠨᠡᠶᠢᠭᠡᠮ ᠲᠤᠭᠤᠷᠢᠭ ᠲᠡᠰᠢ ᠤᠷᠲᠤᠰᠴᠤ᠂ ᠨᠡᠶᠢᠭᠡᠮ ᠨᠡᠶᠢᠲᠡ ᠲᠠᠢ ᠬᠤᠯᠪᠤᠭᠳᠠᠭᠰᠠᠨ ᠬᠡᠯᠪᠡᠷᠢ ᠶᠢᠨ ᠠᠵᠤ ᠠᠬᠤᠢ ᠶᠠᠯᠠᠲᠦ ᠠᠵᠢᠯᠯᠠᠭ᠎ᠠ ᠪᠠ ᠠᠷᠠᠳ ᠤᠨ ᠠᠮᠢᠳᠤᠷᠠᠯ ᠤᠨ ᠬᠡᠯᠪᠡᠷᠢ ᠶᠢᠨ ᠠᠵᠤ ᠠᠬᠤᠢ ᠶᠢᠨ ᠶᠠᠯᠠᠲᠦ ᠠᠵᠢᠯᠯᠠᠭ᠎ᠠ ᠳᠤ ᠴᠤᠬᠢᠯᠲᠠ ᠦᠭᠬᠦ ᠤᠯᠠᠨ ᠲᠦᠮᠡᠨᠴᠢ ᠰᠠᠭᠤᠷᠢ ᠶᠢ ᠪᠦᠷᠢᠯᠳᠦᠭᠦᠯᠬᠦ ᠪᠤᠯᠤᠨ᠎ᠠ᠃      ᠲᠤᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠪᠦᠬᠦ ᠤᠷᠤᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠳᠤ ᠵᠡᠷᠭᠡ ᠪᠠᠷ ᠶᠠᠪᠤᠭᠳᠠᠵᠠᠢ᠃  
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ