︽2018 ᠤᠨ ᠤ ᠳᠤᠮᠳᠠᠳᠤ ᠤᠯᠤᠰ ᠤᠨ ᠬᠤᠤᠷᠲᠦ ᠡᠳ᠋ ᠤᠨ ᠪᠠᠶᠢᠳᠡᠯ ᠤᠨ ᠲᠤᠬᠠᠢ ᠮᠡᠳᠡᠭᠦᠯᠦᠯᠲᠡ︾ ᠨᠡᠶᠢᠲᠡᠯᠡᠭᠳᠡᠪᠡ ᠬᠤᠤᠷ ᠲᠡᠳᠠᠬᠤ ᠬᠦᠮᠦᠨ ᠤ ᠲᠤᠭ᠎ᠠ ᠠᠩᠬ᠎ᠠ ᠤᠳᠠᠭ᠎ᠠ ᠪᠠᠭᠤᠷᠠᠪᠠ
ᠨᠡᠶᠢᠲᠡᠯᠡᠭᠰᠡᠨ ᠴᠠᠭ᠄
2019/11/25
                 ︽2018 ᠤᠨ ᠤ ᠳᠤᠮᠳᠠᠳᠤ ᠤᠯᠤᠰ ᠤᠨ ᠬᠤᠤᠷᠲᠦ ᠡᠳ᠋ ᠤᠨ ᠪᠠᠶᠢᠳᠡᠯ ᠤᠨ ᠲᠤᠬᠠᠢ                    ᠮᠡᠳᠡᠭᠦᠯᠦᠯᠲᠡ︾ ᠨᠡᠶᠢᠲᠡᠯᠡᠭᠳᠡᠪᠡ                  ᠬᠤᠤᠷ ᠲᠡᠳᠠᠬᠤ ᠬᠦᠮᠦᠨ ᠤ ᠲᠤᠭ᠎ᠠ ᠠᠩᠬ᠎ᠠ ᠤᠳᠠᠭ᠎ᠠ ᠪᠠᠭᠤᠷᠠᠪᠠ      ᠮᠦᠰᠦᠨ ᠬᠤᠤᠷ ᠨᠢ ᠡᠾᠧᠷᠦᠶ᠋ᠢᠨ ᠢ ᠤᠷᠤᠯᠠᠭᠰᠠᠨ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ︽ᠬᠠᠮᠤᠭ ᠶᠡᠭᠡ ᠬᠤᠤᠷᠳᠦ ᠡᠳ᠋︾ ᠪᠤᠯᠪᠠ      ᠪᠠᠷᠠᠭᠤᠨ ᠬᠤᠶᠢᠲᠦ ᠤᠷᠤᠨ᠂ ᠵᠠᠭᠦᠨ ᠬᠤᠶᠢᠲᠦ ᠤᠷᠤᠨ ᠤ ᠬᠤᠤᠷᠲᠦ ᠡᠳ᠋ ᠦᠢᠯᠡᠳᠬᠦ ᠠᠵᠢᠯᠯᠠᠭ᠎ᠠ ᠢᠯᠡᠳᠲᠡ ᠳᠡᠭᠡᠭᠰᠢᠯᠡᠪᠡ      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 18 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠠᠩ ᠼᠦᠩ︶ ᠤᠯᠤᠰ ᠤᠨ ᠬᠤᠤᠷ ᠴᠠᠭᠠᠵᠠᠯᠠᠬᠤ ᠠᠵᠢᠯ ᠤᠨ ᠠᠯᠪᠠᠨ ᠭᠡᠷ ᠲᠦᠷᠦᠭᠦᠬᠡᠨ ᠰᠣᠨᠢᠨ ᠮᠡᠳᠡᠭᠡ ᠨᠡᠶᠢᠲᠡᠯᠡᠬᠦ  ᠬᠤᠷᠠᠯ ᠬᠢᠵᠦ᠂ ︽2018 ᠣᠨ ᠤ ᠳᠤᠮᠳᠠᠳᠤ ᠤᠯᠤᠰ ᠤᠨ ᠬᠤᠤᠷᠲᠤ ᠡᠳ᠋ ᠤᠨ ᠪᠠᠶᠢᠳᠠᠯ ᠤᠨ ᠲᠤᠬᠠᠢ ᠮᠡᠳᠡᠭᠦᠯᠦᠯᠲᠡ︾  ᠶᠢ ᠨᠡᠶᠢᠲᠡᠯᠡᠪᠡ᠃ ᠮᠡᠳᠡᠭᠦᠯᠦᠯᠲᠡ ᠳᠤ᠂ 2018 ᠣᠨ ᠳᠤ᠂ ᠳᠤᠮᠳᠠᠳᠤ ᠤᠯᠤᠰ ᠤᠨ ᠣᠳᠣ ᠪᠠᠶᠢᠭ᠎ᠠ ᠬᠤᠤᠷ ᠲᠠᠳᠠᠬᠰᠠᠳ ᠤᠨ ᠲᠤᠭ᠎ᠠ ᠪᠥᠬᠦ ᠤᠯᠤᠰ ᠤᠨ ᠬᠥᠮᠥᠨ ᠠᠮᠠ ᠶᠢᠨ ᠶᠡᠷᠦᠩᠬᠡᠶ ᠲᠣᠭᠠᠨ ᠤ 0.18% ᠶᠢ ᠡᠵᠡᠯᠡᠵᠦ᠂ ᠠᠩᠬ᠎ᠠ ᠤᠳᠠᠭ᠎ᠠ ᠪᠠᠭᠤᠷᠠᠬᠤ ᠪᠠᠶᠢᠳᠠᠯ ᠢᠯᠡᠷᠡᠵᠡᠢ᠃ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠨ᠂ ᠳᠤᠮᠳᠠᠳᠤ ᠤᠯᠤᠰ ᠤᠨ ᠬᠤᠤᠷᠲᠤ ᠡᠳ᠋ ᠢ ᠴᠠᠭᠠᠵᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠳᠣᠲᠣᠭᠠᠳᠤ ᠶᠢᠨ ᠬᠤᠤᠷᠲᠤ ᠡᠳ᠋ ᠤᠨ ᠪᠠᠶᠢᠳᠠᠯ ᠳᠤ ᠪᠦᠬᠦᠯᠢ ᠴᠣᠭᠴᠠ ᠪᠠᠷ ᠢᠶᠠᠨ ᠰᠠᠶᠢᠵᠢᠷᠠᠬᠤ᠂ ᠦᠷᠭᠦᠯᠵᠢᠯᠡᠨ ᠰᠠᠶᠢᠵᠢᠷᠠᠬᠤ ᠢᠳᠡᠪᠬᠢᠲᠡᠶ ᠬᠤᠪᠢᠷᠠᠯᠲᠠ ᠭᠠᠷᠴᠠᠶ ᠭᠡᠵᠡᠢ᠃ ᠡᠭᠦᠨ ᠤ ᠬᠠᠮᠳᠤ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ ᠮᠥᠰᠥᠨ ᠬᠤᠤᠷ ᠨᠢ ᠲᠤᠷ᠎ᠠ ᠪᠠᠷ ᠢᠶᠠᠨ ᠬᠡᠷᠡᠭᠯᠡᠬᠦ ︽ᠬᠠᠮᠤᠬ ᠶᠡᠭᠡ ᠬᠤᠤᠷᠲᠤ ᠡᠳ᠋︾ ᠪᠣᠯᠵᠤ᠂ ︽ᠢᠨᠲ᠋ᠧᠷ ᠰᠦᠯᠵᠢᠶ᠎ᠡ + ᠪᠠᠷᠠᠭᠠᠨ ᠤ ᠬᠦᠢᠯᠭᠡᠭᠡ︾ ᠨᠢ ᠬᠤᠤᠷᠲᠤ ᠡᠳ᠋ ᠫᠠᠨᠽᠠᠯᠠᠬᠤ ᠠᠵᠢᠯᠯᠠᠭ᠎ᠠ ᠶᠢᠨ ᠭᠤᠤᠯ ᠠᠷᠭ᠎ᠠ ᠬᠡᠯᠪᠡᠷᠢ ᠪᠤᠯᠵᠠᠢ᠃      ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2018 ᠣᠨ ᠳᠤ ᠬᠤᠤᠷᠲᠤ ᠡᠳ᠋ ᠤᠨ ᠶᠠᠯᠠᠲᠤ ᠬᠡᠷᠡᠭ ᠢ ᠨᠡᠶᠢᠲᠡ 10.96 ᠲᠦᠮᠡ ᠢᠯᠡᠷᠡᠭᠦᠯᠵᠦ᠂ 13.74 ᠲᠦᠮᠡᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠡᠯ᠎ᠡ ᠲᠥᠷᠥᠯ ᠤᠨ ᠬᠤᠤᠷᠲᠤ ᠡᠳ᠋ ᠢ 67.9 ᠲᠣᠨ ᠬᠤᠷᠢᠶᠠᠮᠵᠢᠯᠠᠨ ᠠᠪᠤᠪᠠ︔ ᠬᠤᠣᠷ ᠲᠠᠳᠠᠬᠴᠢ ᠶᠢ 71.7 ᠲᠦᠮᠡᠨ ᠬᠥᠮᠥᠨ ᠤᠳᠠᠭ᠎ᠠ ᠪᠠᠶᠢᠴᠠᠭᠠᠨ ᠰᠢᠢᠳᠪᠦᠷᠢᠯᠡᠵᠦ᠂ 27.9 ᠲᠦᠮᠡᠨ ᠬᠥᠮᠥᠨ ᠤᠳᠠᠭ᠎ᠠ ᠶᠢ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠳᠠᠬᠤ ᠶᠢ ᠨᠢ ᠵᠣᠭᠰᠣᠭᠠᠬᠤ ᠪᠠᠷ ᠰᠢᠢᠳᠪᠦᠷᠢᠯᠡᠵᠦ᠂ ᠨᠡᠶᠢᠭᠡᠮ ᠲᠣᠭᠤᠷᠢᠭ ᠢ ᠵᠠᠷᠯᠢᠬᠳᠠᠨ ᠬᠤᠣᠷ ᠲᠠᠳᠠᠬᠤ ᠶᠢ ᠨᠢ ᠵᠣᠭᠰᠣᠭᠠᠬᠰᠠᠨ ᠪᠠ ᠨᠡᠶᠢᠭᠡᠮ ᠲᠣᠭᠤᠷᠢᠭ ᠲᠤ ᠡᠷᠡᠭᠦᠯᠵᠢᠭᠦᠯᠦᠭᠰᠡᠨ ᠬᠦᠮᠦᠨ ᠤ ᠲᠤᠭ᠎ᠠ 24. 2 ᠲᠦᠮᠡᠨ ᠬᠥᠮᠥᠨ ᠤᠳᠠᠭ᠎ᠠ ᠪᠤᠯᠪᠠ᠃ 2018 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠣᠳᠣ ᠪᠠᠶᠢᠭ᠎ᠠ ᠬᠤᠤᠷ ᠲᠠᠲᠠᠭᠴᠢ 240.4 ᠲᠦᠮᠡ    ︵ᠭᠤᠷᠪᠠᠨ ᠵᠢᠯ ᠴᠡᠭᠡᠷᠯᠡᠭᠦᠯᠦᠭᠡᠳ ᠲᠠᠬᠢᠨ ᠲᠠᠲᠠᠭᠰᠠᠨ ᠬᠥᠮᠦᠨ ᠤ ᠲᠤᠭ᠎ᠠ᠂ ᠦᠬᠦᠭᠰᠡᠨ ᠬᠥᠮᠦᠨ ᠤ ᠲᠤᠭ᠎ᠠ ᠪᠠ ᠬᠢᠯᠢ ᠠᠴᠠ ᠭᠠᠷᠤᠭᠰᠠᠨ ᠬᠥᠮᠦᠨ ᠤ ᠲᠤᠭ᠎ᠠ ᠶᠢ ᠤᠯᠵᠤ ᠢᠯᠡᠷᠡᠭᠦᠯᠦᠭᠰᠡᠨ ᠦᠭᠡᠢ ᠶᠢ ᠪᠠᠭᠳᠠᠭᠠᠬᠤ ᠦᠭᠡᠢ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠪᠠ᠃ ᠣᠳᠣ ᠪᠠᠶᠢᠭ᠎ᠠ 240.4 ᠲᠦᠮᠡᠨ ᠬᠤᠤᠷ ᠲᠠᠳᠠᠬᠴᠢ ᠶᠢᠨ ᠳᠣᠲᠣᠷ᠎ᠠ᠂ ᠮᠥᠰᠥᠨ ᠬᠤᠤᠷ ᠢ ᠲᠤᠷ᠎ᠠ ᠪᠠᠷ ᠬᠡᠷᠡᠭᠯᠡᠵᠦ ᠪᠠᠶᠢᠭ᠎ᠠ ᠬᠥᠮᠥᠨ 135 ᠲᠦᠮᠡ ᠪᠠᠶᠢᠵᠤ᠂ 56.1% ᠶᠢ ᠡᠵᠡᠯᠡᠵᠦ ᠪᠠᠶᠢᠨ᠎ᠠ᠂ ᠮᠥᠰᠥᠨ ᠬᠤᠤᠷ ᠨᠢ ᠨᠢᠭᠡᠨᠲᠡ ᠾᠧᠷᠣᠶ᠋ᠢᠨ ᠢ ᠤᠷᠤᠯᠠᠬᠰᠠᠨ ᠮᠠᠨ ᠤ ᠤᠯᠤᠰ ᠤᠨ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ᠬᠥᠮᠦᠨ ᠤ ᠲᠤᠭ᠎ᠠ ᠪᠠᠷ ᠬᠠᠮᠤᠭ ᠤᠨ ᠣᠯᠠᠨ ᠬᠤᠤᠷᠲᠤ ᠡᠳ᠋ ᠪᠣᠯᠵᠠᠶ᠃ ᠡᠭᠦᠨ ᠤ ᠬᠠᠮᠲᠤ᠂ ᠬᠤᠤᠷᠳᠤ ᠡᠪᠡᠰᠦ ᠶᠢ ᠳᠤᠷ᠎ᠠ ᠪᠠᠷ ᠢᠶᠠᠨ ᠬᠡᠷᠡᠭᠯᠡᠭᠰᠡᠨ ᠪᠠᠶᠢᠳᠠᠯ ᠦᠷᠭᠦᠯᠵᠢᠯᠡᠨ ᠳᠡᠭᠡᠭᠰᠢᠯᠡᠵᠦ᠂ 2018 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠬᠤᠤᠷᠳᠤ ᠡᠪᠡᠰᠦ ᠶᠢ ᠲᠤᠷ᠎ᠠ ᠪᠠᠷ ᠢᠶᠠᠨ ᠬᠡᠷᠡᠭᠯᠡᠭᠰᠡᠨ ᠬᠥᠮᠥᠨ 2.4 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25.1% ᠪᠠᠷ ᠨᠡᠮᠡᠭᠳᠡᠪᠡ᠃      ᠡᠭᠦᠨ ᠠᠴᠠ ᠭᠠᠳᠠᠨ᠎ᠠ᠂ ᠬᠡᠷᠡᠭᠯᠡᠭᠴᠢᠳ ᠢ ᠲᠠᠲᠠᠵᠤ ᠣᠯᠠᠨ ᠨᠡᠶᠢᠲᠡ ᠶᠢ ᠲᠥᠭᠡᠷᠢᠭᠳᠡᠭᠦᠯᠬᠦ ᠶᠢᠨ ᠲᠥᠯᠥᠭᠡ᠂ ᠵᠠᠷᠢᠮ ᠬᠤᠤᠷᠲᠤ ᠡᠳ᠋ ᠤᠨ ᠫᠠᠨᠽᠠᠴᠢᠨ ᠲᠠᠰᠤᠷᠠᠯᠲᠠ ᠥᠬᠡᠶ ᠬᠤᠤᠷᠲᠤ ᠡᠳ᠋ ᠤᠨ ᠰᠢᠨ᠎ᠡ ᠬᠡᠯᠪᠡᠷᠢ  ᠶᠢ  ᠡᠭᠦᠳᠴᠦ᠂ ︽ᠠᠷᠰᠢ ᠶᠢᠨ ᠤᠰᠤ︾᠂ ︽ᠨᠠᠲ᠋ᠠᠱᠠ︾᠂ ︽0 ᠨᠣᠮᠧᠷᠲᠤ ᠬᠤᠮᠵᠢᠶ᠎ᠠ︾᠂ ︽ᠹᠯᠣᠷᠲᠤ ᠠᠮᠢᠨ ᠺᠧᠲ᠋ᠣᠨ︾ ᠵᠡᠷᠭᠡ ᠰᠢᠨ᠎ᠡ ᠬᠡᠯᠪᠡᠷᠢ ᠶᠢᠨ ᠬᠤᠤᠷᠲᠤ ᠡᠳ᠋ ᠢ ᠲᠠᠰᠤᠷᠠᠯᠲᠠ ᠥᠬᠡᠶ ᠦᠢᠯᠡᠳᠴᠦ᠂ ᠵᠠᠯᠠᠭᠤ ᠪᠠᠭᠠᠴᠤᠳ ᠤᠨ ᠵᠤᠭ᠎ᠠ ᠴᠡᠩᠭᠡᠯ ᠤᠨ ᠲᠠᠯᠠᠪᠤᠷ ᠲᠤ ᠳᠤᠷ᠎ᠠ ᠪᠠᠷ ᠢᠶᠠᠨ ᠬᠡᠷᠡᠭᠯᠡᠬᠦ ᠪᠠᠷ ᠭᠤᠤᠯ ᠪᠣᠯᠭᠠᠵᠤ ᠪᠤᠢ᠃ ᠤᠯᠤᠰ ᠤᠨ ᠬᠤᠤᠷᠲᠤ ᠡᠳ᠋ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ ᠶᠢ ᠦᠨᠳᠦᠰᠦᠯᠡᠪᠡᠯ᠂ ᠪᠥᠬᠦ ᠵᠢᠯ ᠳᠤ ᠰᠢᠨ᠎ᠡ ᠣᠶᠤᠨ ᠮᠡᠳᠡᠷᠡᠯ ᠤᠨ ᠢᠳᠡᠪᠬᠢ ᠪᠣᠳᠠᠰ 31 ᠵᠦᠢᠯ ᠢ ᠰᠢᠨ᠎ᠡ ᠪᠠᠷ ᠢᠯᠡᠷᠡᠭᠦᠯᠪᠡ᠂ ᠰᠢᠨ᠎ᠡ ᠣᠶᠤᠨ ᠮᠡᠳᠡᠷᠡᠯ ᠤᠨ ᠢᠳᠡᠪᠬᠢ ᠪᠣᠳᠠᠰ ᠲᠦᠷᠭᠡᠨ ᠬᠥᠭᠵᠢᠵᠦ ᠥᠷᠭᠡᠵᠢᠨ ᠳᠡᠯᠭᠡᠷᠡᠵᠤ ᠪᠠᠶᠢᠭ᠎ᠠ ᠪᠣᠯ ᠣᠳᠣᠬᠠᠨ ᠤ ᠪᠥᠬᠦ ᠪᠥᠮᠪᠥᠷᠴᠡᠭ ᠲᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ᠎ᠠ᠃ ᠡᠭᠦᠨ ᠤ ᠬᠠᠮᠳᠤ᠂ ᠢᠨᠲ᠋ᠧᠷ ᠰᠦᠯᠵᠢᠶ᠎ᠡ᠂ ᠪᠠᠷᠠᠭᠠᠨ ᠤ ᠬᠦᠢᠯᠭᠡᠭᠡᠨ ᠤ ᠳᠠᠮᠵᠢᠭᠤᠯᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂ ︽ᠢᠨᠲ᠋ᠧᠷ ᠰᠦᠯᠵᠢᠶ᠎ᠡ + ᠪᠠᠷᠠᠭᠠᠨ ᠤ ᠬᠦᠢᠯᠭᠡᠭᠡ︾ ᠨᠢ ᠬᠤᠤᠷᠲᠤ ᠡᠳ᠋ ᠫᠠᠨᠽᠠᠯᠠᠬᠤ ᠠᠵᠢᠯᠯᠠᠭ᠎ᠠ ᠶᠢᠨ ᠭᠤᠤᠯ ᠠᠷᠭ᠎ᠠ ᠬᠡᠯᠪᠡᠷᠢ ᠪᠣᠯᠤᠭᠰᠠᠨ ᠪᠠᠶᠢᠨ᠎ᠠ᠃      ᠴᠣᠬᠢᠯᠲᠠ ᠥᠭᠬᠦ ᠲᠠᠯ᠎ᠠ ᠪᠠᠷ᠂ 2018 ᠣᠨ ᠳᠤ᠂ ᠳᠤᠮᠳᠠᠳᠤ ᠤᠯᠤᠰ ᠨᠢ ᠤᠯᠤᠰ ᠤᠨ ᠳᠣᠲᠣᠭᠠᠳᠤ ᠶᠢᠨ ᠬᠤᠤᠷᠲᠤ ᠡᠳ᠋ ᠦᠢᠯᠡᠳᠭᠦ ᠬᠡᠷᠡᠭ ᠢ ᠨᠡᠶᠢᠲᠡ 412 ᠢᠯᠡᠷᠡᠭᠦᠯᠵᠦ᠂ ᠬᠤᠤᠷᠲᠤ ᠡᠳ᠋ ᠦᠢᠯᠡᠳᠭᠦ ᠡᠭᠦᠷ ᠢ 268 ᠡᠪᠳᠡᠵᠦ᠂ ᠬᠤᠤᠷᠲᠤ ᠡᠳ᠋ ᠢ 14.7 ᠲᠣᠨ ᠬᠤᠷᠢᠶᠠᠮᠵᠢᠯᠠᠨ ᠠᠪᠴᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 30.8%᠂ 15.5% ᠪᠠ 37% ᠪᠠᠷ ᠪᠠᠭᠤᠷᠠᠪᠠ᠃ ᠦᠷᠭᠦᠯᠵᠢᠯᠡᠨ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠪᠠᠷ    ᠳᠠᠮᠵᠢᠨ᠂ ᠤᠯᠤᠰ ᠤᠨ ᠳᠣᠲᠣᠭᠠᠳᠤ ᠶᠢᠨ ᠬᠤᠤᠷᠲᠤ ᠡᠳ᠋ ᠦᠢᠯᠡᠳᠭᠦ ᠶᠠᠯᠠᠲᠤ ᠠᠵᠢᠯᠯᠠᠭ᠎ᠠ ᠬᠦᠨᠳᠦ ᠴᠤᠬᠢᠯᠳᠠ ᠳᠤ ᠤᠴᠠᠷᠠᠵᠤ᠂ ᠤᠯᠠᠮᠵᠢᠯᠠᠯᠲᠤ ᠬᠤᠤᠷᠲᠤ ᠡᠳ᠋ ᠦᠢᠯᠡᠳᠭᠦ ᠭᠤᠤᠯᠳᠠᠯᠭ᠎ᠠ ᠲᠠᠢ ᠮᠣᠵᠢ ᠪᠤᠯᠬᠤ ᠭᠤᠸᠠᠩᠳᠦ᠋ᠩ ᠣᠷᠣᠨ ᠤ ᠬᠢᠨᠢ ᠡᠬᠢ ᠡᠭᠦᠰᠦᠯ ᠤᠨ ᠴᠢᠨᠠᠷᠲᠠᠶ ᠠᠪᠴᠢᠵᠤ᠂ ᠪᠥᠬᠦ ᠵᠢᠯ ᠳᠤ ᠨᠡᠶᠢᠲᠡ 42 ᠬᠤᠤᠷᠲᠤ ᠡᠳ᠋ ᠦᠢᠯᠡᠳᠭᠦ ᠬᠡᠷᠡᠭ ᠢ    ᠢᠯᠡᠷᠡᠭᠦᠯᠵᠦ᠂ ᠬᠤᠤᠷᠲᠤ ᠡᠳ᠋ ᠦᠢᠯᠡᠳᠭᠦ ᠡᠭᠦᠷ ᠢ 28 ᠡᠪᠳᠡᠵᠦ᠂ ᠬᠤᠤᠷᠲᠤ ᠡᠳ᠋ ᠢ 1.65 ᠲᠣᠨ ᠬᠤᠷᠢᠶᠠᠮᠵᠢᠯᠠᠨ ᠠᠪᠴᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 70%᠂ 56% ᠪᠠ 71% ᠪᠠᠷ ᠪᠠᠭᠤᠷᠠᠵᠤ᠂ ᠬᠤᠤᠷᠲᠤ ᠡᠳ᠋ ᠦᠢᠯᠡᠳᠭᠦ ᠠᠵᠢᠯᠯᠠᠭ᠎ᠠ ᠨᠢ ᠬᠠᠮᠢᠶᠠᠷᠤᠨ ᠡᠵᠡᠮᠳᠡᠬᠦ ᠪᠠᠷ ᠪᠠᠭᠤᠷᠠᠶ ᠪᠤᠰᠤᠳ ᠭᠠᠵᠠᠷ ᠣᠷᠣᠨ ᠲᠡᠰᠢ ᠲᠠᠰᠤᠷᠠᠯᠲᠠ ᠥᠬᠡᠶ ᠰᠢᠯᠵᠢᠵᠦ᠂ ᠦᠡᠭᠭᠡᠷᠡᠭᠰᠡᠨ ᠳᠤ ᠬᠤᠤᠷᠲᠤ ᠡᠳ᠋ ᠦᠢᠯᠡᠳᠭᠦ ᠠᠵᠢᠯᠯᠠᠭ᠎ᠠ ᠶᠢ ᠨᠡᠯᠢᠶᠡᠳ ᠴᠥᠭᠡᠨ ᠢᠯᠡᠷᠡᠭᠦᠯᠦᠭᠰᠡᠨ ᠪᠠᠷᠠᠭᠤᠨ ᠬᠤᠶᠢᠲᠤ ᠣᠷᠣᠨ᠂ ᠵᠡᠭᠦᠨ ᠬᠤᠶᠢᠲᠤ ᠣᠷᠣᠨ ᠤ ᠬᠤᠤᠷᠲᠤ ᠡᠳ᠋ ᠦᠢᠯᠡᠳᠭᠦ ᠠᠵᠢᠯᠯᠠᠭ᠎ᠠ ᠢᠯᠡᠳᠲᠡ ᠳᠡᠭᠡᠭᠰᠢᠯᠡᠭᠰᠡᠨ ᠪᠠᠶᠢᠨ᠎ᠠ᠃      ᠭᠡᠪᠡᠴᠦ ︽ᠠᠯᠲᠠᠨ ᠭᠤᠷᠪᠠᠯᠵᠢᠨ︾᠂ ︽ᠠᠯᠲᠠᠨ ᠰᠢᠨᠡᠳᠭᠡᠯ ᠰᠠᠷ᠎ᠠ︾ ᠪᠣᠯᠤᠨ ᠡᠮᠦᠨᠡᠲᠦ ᠠᠮᠧᠷᠢᠺᠠ ᠵᠡᠷᠭᠡ ᠬᠢᠯᠢ ᠶᠢᠨ ᠭᠠᠳᠠᠨᠠᠬᠢ ᠬᠤᠤᠷᠲᠤ ᠡᠳ᠋ ᠤᠨ ᠡᠬᠢ ᠰᠤᠷᠪᠤᠯᠵᠢ ᠶᠢᠨ ᠭᠠᠵᠠᠷ ᠤᠨ ᠳᠤᠮᠳᠠᠳᠤ ᠤᠯᠤᠰ ᠲᠤ ᠠᠪᠴᠤ ᠪᠠᠶᠢᠭ᠎ᠠ      ︽ᠣᠯᠠᠨ ᠲᠠᠯ᠎ᠠ ᠪᠠᠷ ᠬᠢᠯᠢ ᠳᠤ ᠣᠷᠣᠵᠤ᠂ ᠪᠥᠬᠦ ᠱᠤᠭᠤᠮ ᠢᠶᠠᠷ ᠲᠦᠷᠢᠨ ᠨᠡᠪᠴᠢᠭᠦ︾ ᠪᠤᠳᠤᠯᠢᠶᠠᠨᠲᠠᠶ ᠪᠠᠶᠢᠳᠠᠯ ᠨᠢ ᠮᠦᠡᠭᠦ ᠬᠤᠪᠢᠷᠠᠭᠠᠳᠤᠢ ᠪᠠᠶᠢᠭᠰᠠᠭᠠᠷ᠃ ᠬᠢᠯᠢ ᠶᠢᠨ ᠭᠠᠳᠠᠨᠠᠬᠢ ᠬᠤᠤᠷᠲᠤ ᠡᠳ᠋ ᠫᠠᠨᠽᠠᠯᠠᠬᠤ ᠬᠦᠴᠦᠨ ᠨᠢ ᠬᠢᠯᠢ ᠶᠢᠨ ᠳᠣᠲᠣᠷᠠᠬᠢ ᠬᠤᠤᠷᠲᠤ ᠡᠳ᠋ ᠫᠠᠨᠽᠠᠯᠠᠬᠤ ᠪᠦᠯᠦᠭᠯᠡᠯ ᠲᠠᠢ ᠬᠤᠤᠷᠲᠤ ᠡᠳ᠋ ᠫᠠᠨᠽᠠᠯᠠᠬᠤ ᠲᠣᠤᠷ ᠰᠦᠯᠵᠢᠶ᠎ᠡ ᠪᠤᠯᠵᠤ   ᠪᠦᠷᠢᠯᠳᠦᠨ᠂ ᠬᠤᠤᠷᠲᠤ ᠡᠳ᠋ ᠫᠠᠨᠽᠠᠯᠠᠬᠤ ᠪᠦᠯᠦᠭᠯᠡᠯ ᠤᠨ ᠪᠦᠲᠦᠴᠡ ᠨᠢ ᠨᠠᠩ ᠪᠤᠳᠤᠯᠢᠶᠠᠨᠲᠠᠶ ᠪᠣᠯᠵᠤ᠂ ᠬᠤᠤᠷᠲᠤ ᠡᠳ᠋ ᠫᠠᠨᠽᠠᠯᠠᠬᠤ ᠱᠤᠭᠤᠮ ᠨᠢ ᠲᠠᠰᠤᠷᠠᠯᠲᠠ ᠥᠬᠡᠶ ᠬᠤᠪᠢᠷᠠᠵᠤ᠂ ᠬᠤᠤᠷᠲᠤ ᠡᠳ᠋ ᠫᠠᠨᠽᠠᠯᠠᠬᠤ ᠬᠡᠪᠴᠢᠶ᠎ᠡ ᠨᠢ ᠲᠠᠰᠤᠷᠠᠯᠲᠠ ᠥᠬᠡᠶ   ᠥᠷᠭᠡᠳᠴᠦ᠂ ᠬᠤᠤᠷᠲᠤ ᠡᠳ᠋ ᠫᠠᠨᠽᠠᠯᠠᠬᠤ ᠠᠷᠭ᠎ᠠ ᠪᠠᠷᠢᠯ ᠨᠢ ᠲᠠᠰᠤᠷᠠᠯᠲᠠ ᠥᠬᠡᠶ ᠳᠡᠰ ᠳᠠᠪᠰᠢᠵᠤ᠂ ᠪᠣᠳᠠᠲᠤ ᠬᠤᠤᠷ ᠬᠥᠨᠥᠭᠡᠯ ᠪᠠ ᠳᠠᠯᠳᠠ ᠰᠦᠷᠳᠡᠭᠦᠯᠦᠯ ᠨᠢ ᠤᠯᠠᠮ ᠨᠢᠭᠡ ᠠᠯᠬᠤᠮ ᠨᠡᠮᠡᠭᠳᠡᠪᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ