ᠲᠤᠳᠤᠭᠠᠳᠤ ᠶᠢ ᠬᠠᠮᠠᠭᠠᠯᠠᠬᠤ ᠶᠠᠮᠤᠨ᠄ ︽ᠠᠭᠤᠯᠵᠠᠯᠲᠠ︾ ᠰᠢᠰᠲ᠋ᠧᠮ ᠨᠢ ᠰᠦᠯᠵᠢᠶᠠᠨ ᠳᠡᠭᠡᠷ᠎ᠡ ᠭᠠᠷᠤᠭᠰᠠᠨ ᠭᠤᠷᠪᠠᠨ  ᠵᠢᠯ ᠤᠨ ᠲᠤᠷᠰᠢ ᠪᠠᠷ᠎ᠠ ᠰᠤᠷᠠᠭ ᠦᠭᠡᠢ ᠪᠤᠯᠤᠭᠰᠠᠨ 4000 ᠰᠢᠬᠠᠮ ᠬᠡᠦᠬᠡᠳ ᠢ ᠡᠷᠢᠵᠦ ᠤᠯᠪᠠ
ᠨᠡᠶᠢᠲᠡᠯᠡᠭᠰᠡᠨ ᠴᠠᠭ᠄
2019/11/25
     ᠲᠤᠳᠤᠭᠠᠳᠤ ᠶᠢ ᠬᠠᠮᠠᠭᠠᠯᠠᠬᠤ ᠶᠠᠮᠤᠨ᠄ ︽ᠠᠭᠤᠯᠵᠠᠯᠲᠠ︾ ᠰᠢᠰᠲ᠋ᠧᠮ ᠨᠢ ᠰᠦᠯᠵᠢᠶᠠᠨ ᠳᠡᠭᠡᠷ᠎ᠡ ᠭᠠᠷᠤᠭᠰᠠᠨ      ᠭᠤᠷᠪᠠᠨ  ᠵᠢᠯ ᠤᠨ ᠲᠤᠷᠰᠢ ᠪᠠᠷ᠎ᠠ ᠰᠤᠷᠠᠭ ᠦᠭᠡᠢ ᠪᠤᠯᠤᠭᠰᠠᠨ 4000 ᠰᠢᠬᠠᠮ ᠬᠡᠦᠬᠡᠳ ᠢ ᠡᠷᠢᠵᠦ ᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠪᠠᠢ ᠶᠠᠩ︶ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠷ᠎ᠠ ᠰᠤᠷᠠᠬ ᠦᠭᠡᠢ ᠪᠣᠯᠤᠭᠰᠠᠨ ᠬᠡᠦᠭᠡᠳ ᠤᠨ ᠮᠡᠳᠡᠭᠡ ᠵᠠᠩᠭᠢ ᠶᠢ ᠪᠠᠴᠢᠮ ᠨᠡᠶᠢᠲᠡᠯᠡᠬᠦ ᠲᠠᠪᠴᠠᠩ ᠪᠤᠯᠬᠤ ︽ᠠᠭᠤᠯᠵᠠᠯᠲᠠ︾ ᠰᠢᠰᠲ᠋ᠧᠮ ᠢ ᠰᠦᠯᠵᠢᠶᠡᠨ ᠳᠤ ᠨᠡᠪᠲᠡᠷᠡᠭᠦᠯᠦᠭᠰᠡᠨ ᠭᠤᠷᠪᠠᠨ ᠵᠢᠯ ᠤᠨ ᠲᠤᠷᠰᠢ᠂ ᠪᠠᠷ᠎ᠠ ᠰᠤᠷᠠᠬ ᠦᠭᠡᠢ ᠪᠤᠯᠤᠬᠰᠠᠨ ᠬᠡᠦᠬᠡᠳ ᠤᠨ ᠮᠡᠳᠡᠭᠡ ᠵᠠᠩᠭᠢ ᠶᠢ ᠨᠡᠶᠢᠳᠡ 3978 ᠵᠤᠷᠪᠤᠰ ᠨᠡᠶᠢᠲᠡᠯᠡᠵᠦ᠂ ᠪᠠᠷ᠎ᠠ ᠰᠤᠷᠠᠬ ᠦᠭᠡᠢ ᠪᠤᠯᠤᠬᠰᠠᠨ 3901 ᠬᠡᠦᠬᠡᠳ ᠢ ᠡᠷᠢᠨ ᠤᠯᠵᠤ᠂ ᠡᠷᠢᠵᠦ ᠣᠯᠤᠭᠰᠠᠨ ᠨᠤᠷᠮ᠎ᠠ ᠨᠢ 98 % ᠳᠤ ᠬᠦᠷᠴᠡᠢ᠃ ᠡᠨᠡ ᠪᠣᠯ ᠰᠤᠷᠪᠤᠯᠵᠢᠯᠠᠭᠴᠢ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠶᠠᠮᠤᠨ ᠤ ᠬᠤᠭᠤᠷᠤᠠᠳᠤᠭᠢ ᠬᠠᠮᠲᠤᠷᠠᠭᠰᠠᠨ ᠬᠤᠷᠠᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠲᠣᠪᠴᠢᠶ᠎ᠠ ᠠᠴᠠ ᠥᠷᠨᠢᠭᠦᠯᠦᠭᠰᠡᠨ ︽ᠬᠡᠤᠬᠡᠳ ᠢ ᠬᠠᠯᠠᠮᠵᠢᠯᠠᠨ ᠬᠠᠶᠢᠷᠠᠯᠠᠵᠤ᠂ ᠮᠡᠬᠡᠯᠡᠨ ᠬᠤᠳᠠᠯᠳᠤᠬᠤ ᠶᠢ ᠡᠰᠡᠷᠭᠦᠴᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠪᠡᠭᠡᠵᠢᠩ ᠳᠠᠬᠢ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠠᠴᠠ ᠤᠶᠢᠯᠠᠭᠠᠬᠰᠠᠨ ᠮᠡᠳᠡᠭᠡ ᠵᠠᠩᠭᠢ ᠪᠣᠯᠤᠨ᠎ᠠ᠃ ᠣᠶᠢᠯᠠᠭᠠᠭᠰᠠᠨ ᠢᠶᠠᠷ ︽ᠠᠭᠤᠯᠵᠠᠯᠲᠠ︾ ᠰᠢᠰᠲ᠋ᠧᠮ ᠢ ᠳᠣᠲᠣᠭᠠᠳᠤ ᠶᠢ ᠬᠠᠮᠠᠭᠠᠯᠠᠬᠤ ᠶᠠᠮᠤᠨ ︽ᠢᠨᠲ᠋ᠧᠷ ᠰᠦᠯᠵᠢᠶ᠎ᠡ + ᠮᠡᠬᠡᠯᠡᠨ ᠬᠤᠳᠠᠯᠳᠤᠬᠤ ᠠᠵᠢᠯᠯᠠᠭ᠎ᠠ ᠳᠤ ᠴᠣᠬᠢᠯᠲᠠ ᠥᠭᠬᠦ︾ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ ᠭᠠᠷᠭᠠᠬᠰᠠᠨ ᠶᠤᠮ᠂ ᠲᠤᠰ ᠰᠢᠰᠲ᠋ᠧᠮ ᠢ 2016 ᠣᠨ ᠤ 5 ᠰᠠᠷ᠎ᠠ ᠶᠢᠨ 15 ᠤ ᠡᠳᠦᠷ ᠵᠢᠩᠬᠢᠨᠢ ᠪᠠᠷ ᠰᠦᠯᠵᠢᠶᠡᠨ ᠳᠤ ᠨᠡᠪᠲᠡᠷᠡᠭᠦᠯᠵᠡᠢ᠃ ᠬᠡᠤᠬᠡᠳ ᠤᠨ ᠪᠠᠷ᠎ᠠ ᠰᠤᠷᠠᠬ ᠦᠭᠡᠢ ᠪᠣᠯᠤᠭᠰᠠᠨ ᠮᠡᠳᠡᠭᠡ ᠵᠠᠩᠭᠢ ᠶᠢ ᠨᠡᠶᠢᠲᠡᠯᠡᠭᠰᠡᠭᠡᠷ ᠲᠤᠰ ᠲᠠᠪᠴᠠᠩ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠮᠵᠢᠨ ᠪᠠᠷ᠎ᠠ ᠰᠤᠷᠠᠬ ᠦᠭᠡᠢ ᠪᠣᠯᠤᠭᠰᠠᠨ ᠬᠡᠦᠭᠡᠳ ᠤᠨ ᠮᠡᠳᠡᠭᠡ ᠵᠠᠩᠭᠢ ᠶᠢ ᠲᠡᠷᠡ ᠲᠤᠤᠷ᠎ᠠ ᠨᠢ ᠰᠢᠨ᠎ᠡ ᠵᠠᠭᠤᠴᠢᠯᠠᠭᠤᠷ ᠪᠠ ᠰᠢᠯᠵᠢᠮᠡᠯ ᠬᠡᠷᠡᠭᠯᠡᠭᠡᠨ ᠤ ᠲᠤᠨᠤᠭ ᠢᠶᠠᠷ ᠲᠠᠮᠵᠢᠭᠤᠯᠤᠨ ᠪᠠᠷ᠎ᠠ ᠰᠤᠷᠠᠬ ᠦᠭᠡᠢ ᠪᠣᠯᠤᠭᠰᠠᠨ ᠭᠠᠵᠠᠷ ᠤᠨ ᠡᠷᠭᠢᠨ ᠲᠣᠭᠤᠷᠢᠨ ᠤ ᠵᠣᠬᠢᠬᠤ ᠬᠡᠪᠴᠢᠶᠡᠨ ᠳᠤ ᠬᠦᠷᠭᠡᠵᠦ᠂ ᠨᠠᠩ ᠣᠯᠠᠨ ᠬᠦᠮᠦᠰ ᠢ ᠬᠠᠮᠢᠶ᠎ᠠ ᠪᠦᠬᠦᠢ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠤ᠂ ᠴᠠᠭ ᠲᠤᠬᠠᠶ ᠳᠤᠨᠢ ᠰᠦᠪᠡᠭᠴᠢ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠮᠵᠢᠨ ᠬᠡᠷᠡᠭ ᠢ ᠠᠯᠢ ᠪᠤᠯᠬᠤ ᠪᠠᠷ ᠲᠦᠷᠭᠡᠨ ᠢᠯᠡᠷᠡᠭᠦᠯᠬᠦ ᠪᠤᠯᠭᠠᠪᠠ᠃ ᠣᠳᠣ ᠪᠤᠯᠬᠤ ᠳᠤ᠂ ᠮᠠᠰᠢ ᠤᠯᠠᠨ ᠰᠢᠨ᠎ᠡ ᠵᠠᠭᠤᠴᠢᠯᠠᠭᠤᠷ ᠪᠣᠯᠤᠨ ᠨᠡᠭᠦᠳᠡᠯ ᠬᠡᠷᠡᠭᠯᠡᠭᠡ ᠨᠢᠬᠡᠨᠳᠡ ᠲᠤᠰ ᠲᠠᠪᠴᠠᠩ ᠳᠤ ᠵᠠᠯᠭᠠᠨ ᠣᠷᠣᠵᠤ ᠢᠷᠡᠭᠰᠡᠨ ᠪᠠᠶᠢᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ