ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠵᠢᠷᠭᠤᠭᠠᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2019/11/25
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ     ᠵᠢᠷᠤᠮ ᠤᠨ ᠦᠵᠡᠯ ᠰᠠᠨᠠᠭ᠎ᠠ ᠶᠢᠨ ᠲᠤᠬᠠᠢ ᠵᠢᠷᠭᠤᠭᠠᠨ ᠠᠰᠠᠭᠤᠯᠲᠠ ᠬᠠᠷᠢᠭᠤᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠶᠠᠮᠠᠷ ᠶᠠᠮᠠᠷ ᠠᠰᠠᠭᠤᠯᠲᠠ ᠶᠢ ᠬᠠᠷᠢᠭᠤᠯᠤᠭᠰᠠᠨ ᠪᠣᠢ︖      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠥᠷᠭᠡᠨ ᠳᠡᠯᠭᠡᠷ ᠭᠦᠨ ᠭᠦᠨᠵᠡᠭᠡᠶ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ  ᠤᠨ  ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠬᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠡᠷᠦᠩᠬᠡᠶ ᠬᠠᠷᠠᠯᠲᠠ᠂ ᠶᠡᠷᠦᠩᠬᠡᠶ ᠪᠠᠶᠢᠷᠢᠯᠠᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠠᠷᠭ᠎ᠠ ᠮᠠᠶ᠋ᠢᠭ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠪᠠᠶᠢᠯᠳᠤᠬᠤ ᠪᠣᠳᠣᠯᠭ᠎ᠠ ᠶᠢᠨ ᠠᠯᠬᠤᠮ ᠳᠠᠷᠠᠭ᠎ᠠ᠂ ᠭᠠᠳᠠᠭᠠᠳᠤ ᠨᠥᠬᠦᠴᠡᠯ᠂ ᠤᠯᠤᠰ ᠲᠥᠷᠦ ᠶᠢᠨ ᠪᠠᠲᠤᠯᠠᠭ᠎ᠠ ᠵᠡᠷᠭᠡ ᠦᠨᠳᠦᠰᠦᠨ ᠠᠰᠠᠭᠤᠳᠠᠯ ᠢ ᠪᠠᠭᠲᠠᠭᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠤᠬᠠᠶ ᠰᠢᠰᠲ᠋ᠧᠮ ᠲᠠᠢ ᠬᠠᠷᠢᠭᠤᠯᠲᠠ ᠥᠭᠴᠡᠶ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠮᠦᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠨᠢ ᠶᠠᠭᠤ ᠪᠣᠶ︖      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠮᠦᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠭᠤᠶᠢᠳᠠ ᠮᠡᠷᠭᠡᠨ ᠬᠤᠷᠢᠶᠠᠩᠭᠤᠶᠢᠯᠠᠭᠰᠠᠨ ︽ᠨᠠᠢᠮᠠᠨ ᠲᠣᠳᠣᠷᠬᠠᠶ︾ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ︽ᠠᠷᠪᠠᠨ ᠳᠥᠷᠪᠡᠨ ᠪᠠᠷᠢᠮᠲᠠᠯᠠᠯ︾ ᠤᠨ ᠦᠨᠳᠦᠰᠦᠨ ᠠᠷᠭ᠎ᠠ ᠪᠣᠳᠣᠯᠭ᠎ᠠ ᠳᠤ ᠪᠣᠶ᠃      ︽ᠨᠠᠢᠮᠠᠨ ᠲᠣᠳᠣᠷᠬᠠᠶ︾ ᠭᠡᠵᠦ ᠶᠠᠭᠤ ᠪᠣᠢ︖      ᠨᠢᠭᠡᠳᠦᠭᠡᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠮᠥᠨ ᠭᠡᠳᠡᠭ ᠢ ᠲᠣᠳᠣᠷᠬᠠᠶᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠬᠤᠶᠠᠷ ᠠᠯᠬᠤᠮ ᠢᠶᠠᠷ ᠶᠠᠪᠤᠵᠤ᠂ ᠲᠤᠰ ᠵᠠᠭᠤᠨ ᠤ ᠳᠤᠮᠳᠠᠴᠢ ᠦᠶ᠎ᠡ ᠳᠤ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃      ᠬᠤᠶᠠᠳᠤᠭᠠᠷ ᠲᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠭᠦᠶᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠮᠥᠨ᠂ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ ᠭᠡᠳᠡᠭ ᠢ ᠲᠣᠳᠣᠷᠬᠠᠶᠢᠯᠠᠪᠠ᠃      ᠭᠤᠷᠪᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠪᠣᠯ ︽ᠲᠠᠪᠤ ᠶᠢ ᠨᠢᠭᠡ ᠴᠣᠭᠴᠠᠵᠢᠭᠤᠯᠬᠤ︾᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ   ︽ᠳᠥᠷᠪᠡᠨ ᠪᠦᠬᠦ ᠲᠠᠯ᠎ᠠ︾ ᠮᠥᠨ ᠭᠡᠳᠡᠭ ᠢ ᠲᠣᠳᠣᠷᠬᠠᠶᠢᠯᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢ ᠴᠢᠬᠤᠯᠠᠴᠢᠯᠠᠪᠠ᠃      ᠳᠥᠷᠪᠡᠳᠦᠭᠡᠷ ᠲᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠤᠨ᠎ᠠ᠃      ᠲᠠᠪᠤᠳᠤᠭᠠᠷ ᠲᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ    ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠠᠶᠢᠭᠤᠯᠬᠤ ᠶᠠᠪᠤᠳᠠᠯ ᠪᠣᠯᠤᠨ᠎ᠠ᠃      ᠵᠢᠷᠭᠤᠳᠤᠭᠠᠷ ᠲᠤ᠂ ᠨᠠᠮ ᠤᠨ ᠰᠢᠨ᠎ᠡ ᠴᠠᠭ ᠦᠶ᠎ᠡ ᠳᠠᠬᠢ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠪᠣᠯ ᠨᠠᠮ ᠤᠨ ᠵᠢᠯᠣᠭᠤᠳᠤᠯᠭ᠎ᠠ ᠶᠢ ᠳᠠᠭᠠᠬᠤ᠂ ᠴᠢᠳᠠᠮᠠᠭᠠᠢ᠂ ᠣᠪᠣᠷ ᠰᠤᠷᠲᠠᠯ ᠰᠢᠯᠢᠳᠡᠭ ᠰᠠᠶᠢᠨ ᠠᠷᠠᠳ ᠤᠨ ᠴᠡᠷᠢᠭ ᠠᠩᠭᠢ ᠶᠢ ᠪᠠᠶᠢᠭᠤᠯᠵᠤ᠂ ᠠᠷᠠᠳ ᠤᠨ ᠴᠡᠷᠢᠭ ᠠᠩᠭᠢ ᠶᠢ ᠳᠡᠯᠡᠬᠡᠶ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠠᠶᠢᠭᠤᠯᠬᠤ ᠶᠠᠪᠤᠳᠠᠯ ᠪᠣᠯᠤᠨ᠎ᠠ᠃      ᠳᠣᠯᠣᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠨᠢ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠶ ᠭᠡᠳᠡᠭ ᠢ ᠲᠣᠳᠣᠷᠬᠠᠶᠢᠯᠠᠪᠠ᠃      ᠨᠠᠢᠮᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠨᠠᠮ ᠪᠣᠯ ᠬᠠᠮᠤᠭ ᠤᠨ ᠳᠡᠭᠡᠳᠦ ᠤᠯᠤᠰ ᠲᠥᠷᠦ ᠶᠢᠨ ᠤᠳᠤᠷᠢᠳᠬᠤ ᠬᠦᠴᠦᠨ ᠮᠥᠨ ᠭᠡᠳᠡᠭ ᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠨᠠᠮ ᠤᠨ ᠪᠠᠶᠢᠭᠤᠯᠤᠯᠲᠠ ᠳᠠᠬᠢ ᠤᠯᠤᠰ ᠲᠥᠷᠦ ᠶᠢᠨ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠶᠢ ᠳᠣᠪᠤᠶᠢᠯᠭᠠᠪᠠ᠃       ︽ᠠᠷᠪᠠᠨ ᠳᠥᠷᠪᠡᠨ ᠪᠠᠷᠢᠮᠲᠠᠯᠠᠯ︾ ᠭᠡᠵᠦ ᠶᠠᠭᠤ ᠪᠣᠢ︖      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠪᠠ᠃ ᠦᠨᠳᠦᠰᠦᠨ ᠠᠷᠭ᠎ᠠ ᠪᠣᠳᠣᠯᠭ᠎ᠠ ᠨᠢ ᠨᠡᠶᠢᠲᠡ 14 ᠵᠦᠶᠯ ᠲᠠᠢ᠄      ᠨᠢᠭᠡᠳᠦᠭᠡᠷ ᠵᠦᠶᠯ᠂ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃      ᠬᠤᠶᠠᠳᠤᠭᠠᠷ ᠵᠦᠶᠯ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠎ᠠ᠃      ᠭᠤᠷᠪᠠᠳᠤᠭᠠᠷ ᠵᠦᠶᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃      ᠳᠥᠷᠪᠡᠳᠦᠭᠡᠷ ᠵᠦᠶᠯ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃      ᠲᠠᠪᠤᠳᠤᠭᠠᠷ ᠵᠦᠶᠯ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠪᠠᠷᠢᠮᠲᠠᠯᠠᠨ᠎ᠠ᠃      ᠵᠢᠷᠭᠤᠳᠤᠭᠠᠷ ᠵᠦᠶᠯ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠎ᠠ᠃      ᠳᠣᠯᠣᠳᠤᠭᠠᠷ ᠵᠦᠶᠯ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠨ᠎ᠠ᠃      ᠨᠠᠢᠮᠠᠳᠤᠭᠠᠷ ᠵᠦᠶᠯ᠂ ᠬᠥᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠎ᠠ᠃      ᠶᠢᠰᠦᠳᠦᠭᠡᠷ ᠵᠦᠶᠯ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠶ ᠪᠠᠶᠢᠬᠤ ᠶᠢ ᠪᠠᠷᠢᠮᠲᠠᠯᠠᠨ᠎ᠠ᠃      ᠠᠷᠪᠠᠳᠤᠭᠠᠷ ᠵᠦᠶᠯ᠂ ᠤᠯᠤᠰ ᠤᠨ ᠶᠡᠷᠦᠩᠬᠡᠶ ᠴᠣᠭᠴᠠ ᠶᠢ ᠪᠠᠷᠢᠮᠲᠠᠯᠠᠨ᠎ᠠ᠃      ᠠᠷᠪᠠᠨ ᠨᠢᠭᠡᠳᠦᠭᠡᠷ ᠵᠦᠶᠯ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠨ᠎ᠠ᠃      ᠠᠷᠪᠠᠨ ᠬᠤᠶᠠᠳᠤᠭᠠᠷ ᠵᠦᠶᠯ᠂ ︽ᠨᠢᠭᠡ ᠤᠯᠤᠰ ᠬᠤᠶᠠᠷ ᠪᠠᠶᠢᠭᠤᠯᠤᠯ︾ ᠪᠠ ᠡᠬᠡ ᠣᠷᠣᠨ ᠤ ᠨᠢᠭᠡᠳᠦᠯ ᠢ ᠠᠬᠢᠭᠤᠯᠬᠤ ᠶᠢ ᠪᠠᠷᠢᠮᠲᠠᠯᠠᠨ᠎ᠠ᠃      ᠠᠷᠪᠠᠨ ᠭᠤᠷᠪᠠᠳᠤᠭᠠᠷ ᠵᠦᠶᠯ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠪᠠᠷᠢᠮᠲᠠᠯᠠᠨ᠎ᠠ᠃      ᠠᠷᠪᠠᠨ ᠳᠥᠷᠪᠡᠳᠦᠭᠡᠷ ᠵᠦᠶᠯ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠎ᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠨᠳᠦᠰᠦᠨ ᠠᠷᠭ᠎ᠠ ᠪᠣᠳᠣᠯᠭ᠎ᠠ ᠶᠢᠨ ᠬᠠᠷᠢᠴᠠᠭ᠎ᠠ ᠨᠢ ᠶᠠᠭᠤ ᠪᠣᠶ︖      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠵᠢᠯᠣᠭᠤᠳᠬᠤ ᠦᠵᠡᠯ ᠰᠠᠨᠠᠭᠠᠨ ᠤ ᠲᠠᠯ᠎ᠠ ᠶᠢᠨ ᠥᠭᠦᠯᠡᠯᠲᠡ ᠮᠥᠨ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠦᠨᠳᠦᠰᠦᠨ ᠠᠷᠭ᠎ᠠ ᠪᠣᠳᠣᠯᠭ᠎ᠠ ᠪᠣᠯ ᠠᠵᠢᠯᠯᠠᠭᠠᠨ ᠤ ᠬᠥᠲᠥᠯᠪᠦᠷᠢ ᠶᠢᠨ ᠲᠠᠯ᠎ᠠ ᠶᠢᠨ ᠳᠡᠯᠭᠡᠷᠡᠭᠦᠯᠦᠯᠲᠡ ᠮᠥᠨ᠂ ᠡᠨᠡ ᠬᠤᠶᠠᠷ ᠪᠣᠯ ᠭᠤᠤᠯ ᠴᠢᠬᠤᠯᠠ ᠠᠭᠤᠯᠭ᠎ᠠ ᠪᠠ ᠦᠵᠡᠯ ᠰᠠᠨᠠᠭ᠎ᠠ ᠶᠢᠨ ᠮᠥᠨ ᠴᠢᠨᠠᠷ ᠤᠨ ᠲᠠᠯ᠎ᠠ ᠪᠠᠷ ᠨᠢᠭᠡᠳᠦᠯᠲᠡᠶ ᠪᠠᠶᠢᠳᠠᠭ᠂ ᠡᠨᠡ ᠬᠤᠶᠠᠷ ᠲᠠᠯ᠎ᠠ ᠶᠢ ᠰᠠᠯᠭᠠᠵᠤ ᠪᠣᠯᠬᠤ ᠦᠭᠡᠢ᠂ ᠬᠠᠷᠢᠨ ᠨᠢᠭᠡᠳᠦᠯᠲᠡᠶ ᠰᠤᠷᠤᠯᠴᠠᠵᠤ᠂ ᠨᠢᠭᠡᠳᠦᠯᠲᠡᠶ ᠡᠵᠡᠮᠳᠡᠵᠦ᠂ ᠨᠢᠭᠡᠳᠦᠯᠲᠡᠶ ᠲᠤᠭᠤᠰᠢᠯᠠᠭᠤᠯᠵᠤ᠂ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠶᠢ ᠨᠠᠩ ᠰᠠᠶᠢᠲᠤᠷ ᠬᠥᠲᠥᠯᠥᠨ ᠳᠠᠭᠠᠭᠤᠯᠬᠤ ᠬᠡᠷᠡᠭᠲᠡᠶ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠡᠭᠦᠳᠦᠭᠴᠢ ᠪᠣᠯ ᠰᠢ ᠶᠢᠨ ᠫᠢᠩ ᠨᠥᠬᠦᠷ ᠪᠣᠯᠬᠤ ᠶᠢ ᠬᠡᠷᠬᠢᠨ ᠣᠶᠢᠯᠠᠭᠠᠬᠤ ᠪᠣᠶ︖      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠤᠯᠤᠰ ᠲᠥᠷᠦ ᠶᠢᠨ ᠣᠶᠤᠨ ᠤᠬᠠᠭᠠᠨ᠂ ᠡᠷᠡᠰ ᠬᠠᠲᠠᠭᠤ ᠵᠠᠩ ᠴᠢᠨᠠᠷ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠮᠠᠰᠢ ᠣᠯᠠᠨ ᠰᠢᠨ᠎ᠡ ᠲᠡᠤᠬᠡ ᠶᠢᠨ ᠣᠨᠴᠠᠯᠢᠭ ᠲᠠᠢ ᠠᠭᠤᠤ  ᠶᠡᠭᠡ  ᠲᠡᠮᠡᠴᠡᠯ  ᠢ  ᠬᠢᠵᠦ᠂ ︽ ᠲᠠᠪᠤ  ᠶᠢ  ᠨᠢᠭᠡ  ᠴᠣᠭᠴᠠᠵᠢᠭᠤᠯᠬᠤ  ︾  ᠶᠡᠷᠦᠩᠬᠡᠶ  ᠪᠠᠶᠢᠷᠢᠰᠢᠭᠤᠯᠤᠯᠲᠠ  ᠶᠢ  ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ  ᠪᠠᠶᠢᠯᠳᠤᠬᠤ  ᠪᠣᠳᠣᠯᠭ᠎ᠠ  ᠶᠢᠨ  ᠪᠠᠶᠢᠷᠢᠰᠢᠭᠤᠯᠤᠯᠲᠠ  ᠶᠢ  ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠥᠬᠡᠳᠦ ᠴᠢᠨᠠᠷᠲᠠᠶ ᠠᠮᠵᠢᠯᠲᠠ ᠣᠯᠬᠤ ᠶᠢ ᠠᠬᠢᠭᠤᠯᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠪᠠᠷ ᠰᠢᠨ᠎ᠡ ᠪᠠᠶᠢᠳᠠᠯ ᠢ ᠡᠭᠦᠳᠴᠦ᠂ ᠲᠡᠥᠬᠡᠳᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠡᠭᠡᠳᠦ ᠬᠡᠮᠵᠢᠶᠡᠨ ᠤ ᠦᠨᠡᠯᠡᠯᠲᠡ ᠪᠣᠯᠤᠨ ᠴᠢᠩ ᠰᠡᠳᠬᠢᠯ ᠤᠨ ᠬᠠᠶᠢᠷ᠎ᠠ ᠬᠦᠨᠳᠦᠳᠬᠡᠯ ᠢ ᠣᠯᠵᠤ᠂ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠣᠯᠤᠭᠰᠠᠨ ᠪᠠᠶᠢᠨ᠎ᠠ᠃ ᠪᠦᠬᠦ ᠨᠠᠮ ᠪᠦᠬᠦ ᠤᠯᠤᠰ ᠢ ᠤᠳᠤᠷᠢᠳᠤᠨ ᠨᠠᠮ ᠪᠣᠯᠤᠨ ᠤᠯᠤᠰ ᠶᠢᠨ ᠠᠵᠢᠯ ᠦᠶᠯᠡᠰ ᠢ ᠠᠬᠢᠭᠤᠯᠬᠤ ᠦᠶᠯᠡᠳᠦᠯᠭᠡ ᠶᠢᠨ ᠳᠤᠮᠳᠠ᠂ ᠶᠡᠷᠦᠩᠬᠡᠶ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ᠂ ᠤᠨᠤᠯᠴᠢ᠂ ᠪᠠᠶᠢᠯᠳᠤᠬᠤ ᠪᠣᠳᠣᠯᠭᠠᠲᠠᠨ ᠤ ᠭᠦᠨᠵᠡᠭᠡᠶ ᠨᠡᠪᠲᠡ ᠠᠵᠢᠭᠯᠠᠬᠤ ᠴᠢᠳᠠᠪᠤᠷᠢ᠂ ᠬᠤᠷᠴᠠ ᠰᠡᠷᠭᠡᠭ ᠮᠠᠭᠠᠳᠯᠠᠬᠤ ᠴᠢᠳᠠᠪᠤᠷᠢ ᠪᠣᠯᠤᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠠᠯᠢ ᠣᠯᠠᠨ ᠨᠡᠭᠡᠭᠡᠯᠲᠡ ᠶᠢᠨ ᠠᠴᠢ ᠬᠤᠯᠪᠣᠭᠳᠠᠯ ᠲᠠᠢ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠣᠶ ᠪᠣᠯᠭᠠᠬᠤ ᠳᠤ ᠰᠢᠶᠳᠪᠦᠷᠢᠯᠡᠭᠴᠢ ᠴᠢᠨᠠᠷᠲᠠᠶ ᠦᠶᠯᠡᠳᠦᠯ ᠦᠵᠡᠭᠦᠯᠵᠦ᠂ ᠰᠢᠶᠳᠪᠦᠷᠢᠯᠡᠭᠴᠢ ᠴᠢᠨᠠᠷᠲᠠᠶ ᠬᠤᠪᠢ ᠨᠡᠮᠡᠷᠢ ᠦᠵᠡᠭᠦᠯᠪᠡ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠠᠮ ᠪᠣᠯᠤᠨ ᠠᠷᠠᠳ ᠲᠦᠮᠡᠨ ᠤ ᠦᠶᠯᠡᠳᠦᠯᠭᠡ ᠶᠢᠨ ᠲᠤᠷᠰᠢᠯᠭ᠎ᠠ ᠪᠣᠯᠤᠨ ᠬᠠᠮᠲᠤ ᠶᠢᠨ ᠣᠶᠤᠨ ᠤᠬᠠᠭᠠᠨ ᠤ ᠣᠬᠢ ᠪᠦᠲᠦᠭᠡᠯ ᠮᠥᠨ᠂ ᠭᠡᠪᠡᠴᠦ ᠲᠡᠭᠦᠨ ᠤ ᠭᠤᠤᠯ ᠡᠭᠦᠳᠦᠭᠴᠢ ᠨᠢ ᠰᠢ ᠶᠢᠨ ᠫᠢᠩ ᠨᠥᠬᠦᠷ ᠪᠣᠯᠤᠨ᠎ᠠ᠃ ᠲᠡᠭᠦᠨ ᠤ ᠨᠡᠷ᠎ᠡ ᠪᠠᠷ ᠨᠡᠷᠡᠶᠢᠳᠦᠭᠰᠡᠨ ᠡᠨᠡ ᠬᠦ ᠰᠢᠨᠵᠢᠯᠡᠬᠦ ᠤᠬᠠᠭᠠᠨᠴᠢ ᠤᠨᠤᠯ ᠨᠢ ᠨᠡᠷ᠎ᠡ ᠨᠢᠳᠡᠷ ᠲᠡᠭᠡᠨ ᠲᠣᠬᠢᠷᠠᠭᠰᠠᠨ ᠪᠥᠭᠡᠳ ᠨᠡᠷ᠎ᠡ ᠨᠢᠳᠡᠷ ᠲᠡᠭᠡᠨ ᠨᠡᠶᠢᠴᠡᠭᠰᠡᠨ ᠶᠤᠮ᠂ ᠡᠨᠡ ᠨᠢ ᠮᠥᠨ ᠴᠦ ᠮᠠᠨ ᠤ ᠨᠠᠮ ᠤᠨ ᠤᠨᠤᠯ ᠤᠨ ᠲᠠᠯ᠎ᠠ ᠪᠠᠷ ᠪᠣᠯᠪᠠᠰᠤᠷᠠᠩᠭᠤᠶ ᠪᠣᠯᠤᠭᠰᠠᠨ ᠪᠠ ᠢᠲᠡᠭᠡᠯ ᠵᠣᠷᠢᠭ ᠢ ᠬᠠᠷᠠᠭᠤᠯᠵᠤ ᠪᠠᠶᠢᠭ᠎ᠠ ᠶᠤᠮ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ