ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ ᠲᠠᠶᠢᠯᠪᠤᠷᠢᠯᠠᠯᠲᠠ ︵ᠳᠥᠷᠪᠡ︶
ᠨᠡᠶᠢᠲᠡᠯᠡᠭᠰᠡᠨ ᠴᠠᠭ᠄
2019/7/24
ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ ᠲᠠᠶᠢᠯᠪᠤᠷᠢᠯᠠᠯᠲᠠ ︵ᠳᠥᠷᠪᠡ︶      ᠲᠡᠷᠭᠡᠨ ᠤ ᠥᠮᠴᠢᠯᠡᠭᠴᠢ ᠶᠢᠨ ᠲᠡᠷᠭᠡᠨ ᠤ ᠤᠤᠯ ᠤᠨ ᠨᠣᠮᠧᠷ ᠢ ᠬᠡᠷᠡᠭᠯᠡᠬᠦ ᠬᠡᠪᠴᠢᠶ᠎ᠡ        ᠶᠢ ᠥᠷᠭᠡᠳᠬᠡᠬᠦ ᠶᠢ ᠠᠬᠢᠭᠤᠯᠤᠨ 4 S ᠳᠡᠯᠭᠡᠭᠦᠷ ᠤᠨ ᠲᠦᠷ ᠴᠠᠭ ᠤᠨ ᠲᠡᠷᠭᠡᠨ        ᠤ ᠨᠣᠮᠧᠷ ᠣᠷᠣᠯᠠᠨ ᠣᠯᠭᠤᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ      2019 ᠣᠨ ᠤ 4 ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ 10 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ᠂ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠨᠢ 6 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠥᠷᠭᠡᠨ ᠣᠯᠠᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠳᠤ ᠨᠠᠷᠢᠨ ᠲᠠᠶᠢᠯᠪᠤᠷᠢᠯᠠᠯᠲᠠ ᠬᠢᠵᠡᠢ᠃      ᠠᠰᠠᠭᠤᠯᠲᠠ᠄ ᠮᠠᠰᠢᠨᠲᠤ ᠲᠡᠷᠭᠡᠨ ᠤ ᠨᠣᠮᠧᠷ ᠬᠡᠷᠡᠭᠯᠡᠬᠦ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠠᠳ ᠲᠤ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ 2017 ᠣᠨ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠮᠠᠰᠢᠨᠲᠤ ᠲᠡᠷᠭᠡᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠪᠥᠬᠦ ᠤᠯᠤᠰ ᠤᠨ ᠨᠢᠭᠡᠳᠦᠯᠲᠡᠶ ᠮᠠᠰᠢᠨᠲᠤ ᠲᠡᠷᠭᠡᠨ ᠤ ᠨᠣᠮᠧᠷ ᠰᠣᠩᠭᠤᠬᠤ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠨᠣᠮᠧᠷ ᠰᠣᠩᠭᠤᠬᠤ ᠶᠢ ᠢᠯᠡ ᠪᠤᠯᠠᠭᠠᠨ᠂ ᠡᠷᠬᠡ ᠲᠡᠭᠰᠢ ᠪᠠᠷ ᠨᠣᠮᠧᠷ ᠰᠣᠩᠭᠤᠬᠤ᠂ ᠰᠦᠯᠵᠢᠶᠡᠨ  ᠳᠡᠭᠡᠷ᠎ᠡ  ᠨᠣᠮᠧᠷ  ᠰᠣᠩᠭᠤᠬᠤ  ᠂ ︽50 ᠠᠴᠠ 1 ᠰᠣᠩᠭᠤᠬᠤ︾ ᠵᠡᠷᠭᠡ ᠠᠷᠭ᠎ᠠ  ᠬᠡᠮᠵᠢᠶ᠎ᠡ  ᠶᠢ  ᠬᠡᠷᠡᠭᠵᠢᠭᠦᠯᠦᠭᠡᠳ᠂ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠪᠠ᠃      ᠲᠣᠰ ᠤᠳᠠᠭᠠᠨ ᠤ ᠥᠭᠡᠷᠡᠴᠢᠯᠡᠯᠲᠡ ᠳᠤ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠣᠯᠠᠨ ᠲᠦᠮᠡᠨ ᠤ ᠲᠡᠷᠭᠡᠨ ᠤ ᠨᠣᠮᠧᠷ ᠰᠣᠩᠭᠤᠬᠤ ᠳᠤ ᠨᠠᠩ ᠣᠯᠠᠨ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠳᠤᠷᠠᠳᠪᠠ᠃ ᠨᠢᠭᠡ ᠳᠤ᠂ ᠨᠢᠭᠡ ᠲᠡᠷᠭᠡᠨ ᠤ ᠡᠵᠡᠨ ᠠᠳᠠᠯᠢ ᠨᠢᠭᠡᠨ ᠲᠡᠷᠭᠡᠨ ᠤ ᠨᠣᠮᠧᠷ ᠢ ᠠᠳᠠᠯᠢ ᠪᠤᠰᠤ ᠲᠡᠷᠭᠡᠨ ᠳᠤ ᠬᠠᠷᠢᠯᠴᠠᠨ ᠰᠣᠯᠢᠵᠤ ᠬᠡᠷᠡᠭᠯᠡᠵᠦ ᠪᠣᠯᠣᠨ᠎ᠠ᠃ ᠠᠳᠠᠯᠢ ᠨᠢᠭᠡᠨ ᠮᠠᠰᠢᠨᠲᠦ ᠲᠡᠷᠭᠡᠨ ᠤ ᠥᠮᠴᠢᠯᠡᠭᠴᠢ ︵ᠬᠤᠪᠢ ᠬᠥᠮᠦᠨ ᠪᠤᠶᠤ ᠨᠢᠭᠡᠴᠡ︶ ᠶᠢᠨ ᠨᠡᠷ᠎ᠡ ᠳᠡᠭᠡᠷ᠎ᠡ ᠳᠠᠩᠰᠠᠯᠠᠭᠤᠯᠤᠭᠰᠠᠨ ᠠᠳᠠᠯᠢ ᠲᠥᠷᠥᠯ ᠵᠦᠢᠯ ᠤᠨ ᠲᠡᠷᠭᠡ ᠬᠥᠰᠬᠡ  ᠲᠠᠢ ᠪᠣᠯ ᠲᠡᠷᠭᠡ ᠬᠥᠰᠬᠡ ᠶᠢᠨ ᠬᠤᠭᠤᠷᠣᠨᠳᠣ ᠲᠡᠷᠭᠡᠨ ᠤ ᠨᠣᠮᠧᠷ ᠰᠣᠯᠢᠬᠤ ᠶᠢ ᠭᠤᠶᠤᠴᠢᠯᠠᠵᠤ ᠪᠣᠯᠤᠨ᠎ᠠ᠂ ᠨᠢᠭᠡ ᠵᠢᠯ ᠤᠨ ᠳᠣᠲᠣᠷ᠎ᠠ ᠨᠢᠭᠡ ᠲᠡᠷᠭᠡ ᠨᠢᠭᠡ ᠤᠳᠠᠭ᠎ᠠ ᠲᠡᠷᠭᠡᠨ ᠤ ᠨᠣᠮᠧᠷ ᠢᠶᠠᠨ ᠬᠤᠪᠢᠷᠠᠭᠤᠯᠵᠤ ᠪᠣᠯᠤᠨ᠎ᠠ᠃ ᠬᠤᠶᠠᠷ ᠲᠤ᠂ ᠤᠤᠯ ᠤᠨ ᠲᠡᠷᠭᠡᠨ ᠤ ᠨᠣᠮᠧᠷ ᠢ ᠦᠯᠡᠳᠡᠭᠡᠬᠦ ᠬᠤᠭᠤᠴᠠᠭ᠎ᠠ ᠶᠢ ᠤᠷᠲᠤᠳᠬᠠᠭᠠᠳ ᠬᠤᠶᠠᠷ ᠵᠢᠯ ᠪᠣᠯᠭᠠᠪᠠ᠃ ᠤᠤᠯ ᠤᠨ ᠮᠠᠰᠢᠨᠲᠤ ᠲᠡᠷᠭᠡ ᠶᠢ ᠰᠢᠯᠵᠢᠭᠦᠯᠬᠦ᠂ ᠬᠦᠴᠦᠨ ᠦᠭᠡᠢ ᠪᠣᠯᠭᠠᠬᠤ ᠪᠤᠶᠤ ᠨᠡᠭᠦᠵᠦ ᠭᠠᠷᠤᠭᠰᠠᠨ ᠤ ᠳᠠᠷᠠᠭ᠎ᠠ᠂ ᠤᠤᠯ ᠤᠨ ᠲᠡᠷᠭᠡᠨ ᠤ ᠨᠣᠮᠧᠷ ᠢ ᠭᠤᠶᠤᠴᠢᠯᠠᠨ ᠦᠯᠡᠳᠡᠭᠡᠬᠦ ᠴᠠᠭ ᠤᠨ ᠬᠢᠵᠠᠭᠠᠷ ᠢ ᠨᠢᠭᠡ ᠵᠢᠯ ᠠᠴᠠ ᠬᠤᠶᠠᠷ ᠵᠢᠯ ᠪᠣᠯᠭᠠᠨ ᠤᠷᠲᠤᠳᠬᠠᠵᠤ᠂ ᠣᠯᠠᠨ ᠲᠦᠮᠡᠨ ᠤ ᠲᠡᠷᠭᠡᠨ ᠤ ᠨᠣᠮᠧᠷ ᠬᠡᠷᠡᠭᠯᠡᠬᠦ ᠬᠡᠷᠡᠭᠴᠡᠭᠡ ᠶᠢ ᠬᠠᠩᠭᠠᠪᠠ᠃      ᠰᠠᠨᠠᠭᠤᠯᠬᠤ ᠴᠢᠬᠤᠯᠠᠲᠠᠶ ᠨᠢ᠂ ᠤᠤᠯ ᠤᠨ ᠲᠡᠷᠭᠡᠨ ᠤ ᠨᠣᠮᠧᠷ ᠢ ᠬᠡᠷᠡᠭᠯᠡᠬᠦ ᠳᠤ ᠤᠤᠯ ᠤᠨ ᠮᠠᠰᠢᠨᠲᠤ ᠲᠡᠷᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠵᠦ ᠳᠠᠭᠤᠰᠬᠠᠬᠤ ᠴᠢᠬᠤᠯᠠᠲᠠᠶ᠂ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠪᠠ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠢ ᠴᠥᠮ ᠬᠦᠴᠦᠨ ᠲᠠᠢ ᠬᠤᠭᠤᠴᠠᠭᠠᠨ ᠳᠤ ᠪᠠᠶᠢᠯᠭᠠᠬᠤ ᠬᠡᠷᠡᠭᠲᠡᠶ᠃      ᠠᠰᠠᠭᠤᠯᠲᠠ᠄ 4 S ᠳᠡᠯᠭᠡᠭᠦᠷ ᠤᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠤᠨ᠂ ᠣᠯᠠᠨ ᠲᠦᠮᠡᠨ ᠤ ᠰᠢᠨ᠎ᠡ ᠲᠡᠷᠭᠡ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠳᠤ ᠶᠠᠮᠠᠷ ᠶᠠᠮᠠᠷ ᠠᠷᠭ᠎ᠠ ᠪᠠᠶᠢᠬᠤ ᠪᠣᠶ︖      ᠬᠠᠷᠢᠭᠤᠯᠲᠠ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠨᠡᠶᠢᠭᠡᠮᠴᠢᠯᠡᠬᠦ ᠪᠣᠯ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠲᠣᠬᠢᠷᠠᠭᠤᠯᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠪᠠᠶᠢᠵᠤ᠂ ᠦᠢᠯᠡᠴᠢᠯᠡᠭᠡᠨ ᠤ ᠲᠣᠤᠷ ᠢ ᠨᠢᠭᠲᠠᠷᠠᠭᠤᠯᠵᠤ᠂ ᠣᠯᠠᠨ ᠲᠦᠮᠡᠨ ᠤ ᠰᠢᠨ᠎ᠡ ᠬᠡᠷᠡᠭᠴᠡᠭᠡ ᠶᠢ ᠬᠠᠩᠭᠠᠬᠤ ᠪᠦᠲᠦᠮᠵᠢᠲᠡᠶ ᠠᠴᠢᠶᠠᠯᠠᠭᠴᠢ ᠮᠥᠨ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 20 ᠵᠦᠢᠯ ᠤᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ  ᠶᠢ  ᠬᠢᠨᠠᠮᠠᠭᠠᠶ  ᠨᠠᠶᠢᠳᠠᠪᠤᠷᠢᠵᠢᠭᠤᠯᠵᠤ᠂ ︽ᠴᠠᠭᠳᠠᠭ᠎ᠠ  ᠪᠠ  ᠠᠵᠤ ᠠᠬᠤᠶᠢᠯᠠᠯ︾᠂ ︽ᠴᠠᠭᠳᠠᠭ᠎ᠠ ᠪᠠ ᠰᠢᠤᠳᠠᠨ︾᠂ ︽ᠴᠠᠭᠳᠠᠭ᠎ᠠ ᠪᠠ ᠳᠠᠭᠠᠳᠬᠠᠯ︾ ᠤᠨ ᠬᠠᠮᠲᠤᠷᠠᠯᠴᠠᠭ᠎ᠠ ᠶᠢ ᠬᠡᠷᠡᠭᠵᠢᠭᠦᠯᠦᠨ᠂ ᠮᠠᠰᠢᠨ ᠲᠡᠷᠭᠡᠨ ᠤ 4 S ᠳᠡᠯᠭᠡᠭᠦᠷ᠂ ᠬᠠᠭᠤᠴᠢᠨ ᠲᠡᠷᠭᠡᠨ ᠤ ᠵᠠᠬ᠎ᠠ ᠳᠡᠯᠭᠡᠭᠦᠷ᠂ ᠰᠢᠤᠳᠠᠨ ᠤ ᠴᠡᠭ ᠰᠦᠯᠵᠢᠶ᠎ᠡ᠂ ᠳᠠᠭᠠᠳᠬᠠᠯ ᠤᠨ ᠺᠣᠮᠫᠠᠨᠢ ᠵᠡᠷᠭᠡ ᠨᠡᠶᠢᠭᠡᠮ ᠤᠨ ᠪᠠᠶᠢᠭᠤᠯᠤᠮᠵᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠶᠢ ᠶᠡᠬᠡᠪᠡᠷ ᠠᠬᠢᠭᠤᠯᠵᠤ᠂ ᠬᠤᠲᠠ ᠬᠥᠳᠡᠭᠡ ᠶᠢ ᠪᠦᠬᠦᠨ ᠢ ᠬᠠᠮᠤᠷᠤᠭᠰᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠨᠰᠢᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠴᠡᠭ ᠰᠦᠯᠵᠢᠶᠡᠨ ᠤ  ᠪᠦᠷᠬᠦᠭᠰᠡᠨ  ᠬᠡᠪᠴᠢᠶ᠎ᠡ ᠶᠢᠨ ᠷᠠᠳᠢᠦ᠋ᠰ ᠨᠢ 10 ᠭᠠᠷᠤᠶ ᠺᠢᠯᠣᠮᠧᠲᠷ ᠪᠠᠶᠢᠭᠰᠠᠨ ᠠᠴᠠ ᠨᠢ ᠪᠣᠭᠤᠨᠢᠰᠬᠠᠭᠠᠳ ᠳᠤᠮᠳᠠᠴᠢ ᠪᠠᠷ 3 ᠺᠢᠯᠣᠮᠧᠲᠷ ᠪᠣᠯᠭᠠᠨ᠂ ᠣᠯᠠᠨ ᠲᠦᠮᠡᠨ ᠤ ᠣᠶᠢᠷ᠎ᠠ ᠬᠠᠪᠢ ᠶᠢᠨ ᠦᠢᠯᠡᠴᠢᠯᠡᠭᠡᠨ ᠤ ᠴᠣᠩᠬᠤ ᠶᠢ ᠪᠤᠢ ᠪᠣᠯᠭᠠᠪᠠ᠃      ᠣᠳᠣᠬᠠᠨ ᠳᠤ᠂ ᠪᠥᠬᠦ ᠤᠯᠤᠰ ᠲᠤ ᠨᠢᠭᠡᠨᠲᠡ 7000 ᠭᠠᠷᠤᠶ ᠮᠠᠰᠢᠨ ᠲᠡᠷᠭᠡᠨ ᠤ 4 S ᠳᠡᠯᠭᠡᠭᠦᠷ ᠮᠠᠰᠢᠨᠲᠤ ᠲᠡᠷᠭᠡ ᠳᠠᠩᠰᠠᠯᠠᠬᠤ ᠶᠢ ᠣᠷᠣᠯᠠᠨ ᠭᠦᠢᠴᠡᠳᠬᠡᠬᠦ ᠪᠣᠯᠵᠤ᠂ ᠲᠡᠷᠭᠡ ᠬᠥᠰᠬᠡ ᠬᠤᠳᠠᠯᠳᠤᠨ ᠠᠪᠬᠤ᠂ ᠨᠣᠮᠧᠷ ᠰᠣᠩᠭᠤᠬᠤ᠂ ᠳᠠᠭᠠᠳᠬᠠᠯ ᠳᠤ ᠣᠷᠣᠬᠤ᠂ ᠭᠠᠶᠢᠯᠢ ᠰᠦᠢᠳᠬᠡᠯ ᠲᠤᠰᠢᠶᠠᠬᠤ ᠵᠡᠷᠭᠡ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠮᠠᠰᠢ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠣᠰ ᠤᠳᠠᠭᠠᠨ ᠤ ᠥᠭᠡᠷᠡᠴᠢᠯᠡᠯᠲᠡ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠮᠠᠰᠢᠨᠲᠤ ᠲᠡᠷᠭᠡ ᠳᠠᠩᠰᠠᠯᠠᠬᠤ ᠦᠢᠯᠡᠴᠢᠯᠡᠭᠡ ᠶᠢ ᠨᠡᠶᠢᠭᠡᠮ ᠨᠡᠶᠢᠲᠡ ᠶᠢᠨ ᠣᠷᠣᠯᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ ᠮᠠᠰᠢᠨ ᠲᠡᠷᠭᠡᠨ ᠤ 4 S ᠳᠡᠯᠭᠡᠭᠦᠷ ᠤᠨ ᠮᠠᠰᠢᠨ ᠲᠡᠷᠭᠡᠨ ᠤ ᠲᠦᠷ ᠴᠠᠭ ᠬᠡᠷᠡᠭᠯᠡᠬᠦ ᠨᠣᠮᠧᠷ ᠢ ᠣᠷᠣᠯᠠᠨ ᠣᠯᠭᠤᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ 4 S ᠳᠡᠯᠭᠡᠭᠦᠷ ᠤᠨ ᠲᠤᠬᠠᠶ ᠶᠢᠨ ᠲᠠᠯᠠᠪᠤᠷ ᠲᠤ ᠲᠡᠷᠭᠡ ᠬᠤᠳᠠᠯᠳᠤᠨ ᠠᠪᠴᠤ᠂ ᠲᠦᠷ ᠴᠠᠭ ᠤᠨ ᠲᠡᠷᠭᠡᠨ ᠤ ᠨᠣᠮᠧᠷ ᠠᠪᠴᠤ ᠴᠢᠳᠠᠭᠰᠠᠨ ᠨᠢ ᠣᠯᠠᠨ ᠲᠦᠮᠡᠨ ᠤ ᠲᠡᠷᠭᠡ ᠬᠤᠳᠠᠯᠳᠤᠨ ᠠᠪᠤᠭᠰᠠᠨ ᠤ ᠳᠠᠷᠠᠭ᠎ᠠ ᠵᠠᠮ ᠳᠤ ᠭᠠᠷᠴᠤ ᠶᠠᠪᠤᠬᠤ ᠳᠤ ᠳᠥᠭᠦᠮ ᠦᠵᠡᠭᠦᠯᠦᠭᠰᠡᠨ ᠮᠥᠷᠲᠡᠭᠡᠨ ᠪᠠᠰᠠ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ᠠᠰᠢᠭ ᠬᠦᠷᠲᠡᠬᠦ ᠪᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠵᠡᠷᠭᠡᠪᠡᠷ ᠪᠡᠶᠡᠯᠡᠭᠦᠯᠦᠭᠰᠡᠨ ᠪᠠᠶᠢᠨ᠎ᠠ᠃  
ᠢᠷᠡᠯᠲᠡ᠄ ᠲᠣᠲᠣᠷᠬᠠᠢ ᠦᠭᠡᠢ