ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ ᠲᠠᠶᠢᠯᠪᠤᠷᠢᠯᠠᠯᠲᠠ ︵ᠲᠠᠪᠤ︶
ᠨᠡᠶᠢᠲᠡᠯᠡᠭᠰᠡᠨ ᠴᠠᠭ᠄
2019/7/26
ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ ᠲᠠᠶᠢᠯᠪᠤᠷᠢᠯᠠᠯᠲᠠ ︵ᠲᠠᠪᠤ︶      ᠪᠦᠬᠦ ᠤᠯᠤᠰ ᠲᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠮᠡᠳᠡᠭᠡ ᠵᠠᠩᠭᠢ      ᠶᠢᠨ  ᠰᠦᠯᠵᠢᠶᠡᠵᠢᠭᠦᠯᠦᠯᠲᠠ ᠵᠢᠴᠢ ︽12123︾ ᠵᠠᠮ ᠬᠠᠷᠢᠯᠴᠠᠭᠠᠨ ᠤ      ᠬᠠᠮᠢᠶᠠᠷᠤᠯᠲᠠ ᠶᠢᠨ ᠠᠪᠢᠶᠠᠨ ᠤ  ᠦᠢᠯᠡᠴᠢᠯᠡᠭᠡ ᠶᠢ ᠬᠡᠷᠡᠭᠵᠢᠭᠦᠯᠦᠨ᠎ᠡ        2019 ᠣᠨ ᠤ 4 ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ 10 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ᠂ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠨᠢ 6 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠥᠷᠭᠡᠨ ᠣᠯᠠᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠳᠤ ᠨᠠᠷᠢᠨ ᠲᠠᠶᠢᠯᠪᠤᠷᠢᠯᠠᠯᠲᠠ ᠬᠢᠵᠡᠢ᠃      ᠠᠰᠠᠭᠤᠯᠲᠠ᠄ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠮᠡᠳᠡᠭᠡ ᠵᠠᠩᠭᠢ ᠶᠢᠨ ᠰᠦᠯᠵᠢᠶᠡᠵᠢᠭᠦᠯᠤᠯᠲᠠ  ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠬᠢᠯᠲᠠ ᠲᠠᠢ ᠪᠣᠶ︖      ᠬᠠᠷᠢᠭᠤᠯᠲᠠ᠄ 20 ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠦᠯᠦ ᠲᠤᠰᠢᠶᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ 2018 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠣᠨ ᠳᠤᠮᠳᠠᠳᠤ ᠤᠯᠤᠰ ᠤᠨ ᠭᠠᠶᠢᠯᠢ ᠶᠢᠨ ᠶᠡᠷᠦᠩᠬᠡᠢ ᠲᠣᠪᠴᠢᠶᠠᠨ ᠠᠴᠠ ᠵᠧᠵᠢᠶᠠᠩ᠂ ᠭᠤᠸᠠᠩᠳᠦ᠋ᠩ᠂ ᠴᠦᠩᠴᠢᠩ᠂ ᠭᠠᠨᠰᠦ ᠵᠡᠷᠭᠡ 4 ᠮᠣᠵᠢ ︵ᠬᠤᠲᠠ︶ ᠳᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠡᠯᠧᠺᠲᠷᠣᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠶᠢ ᠲᠤᠷᠰᠢᠨ ᠬᠡᠷᠡᠭᠵᠢᠭᠦᠯᠵᠦ ᠲᠡᠷᠭᠡ ᠬᠥᠰᠬᠡ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠪᠡ᠃      ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠳᠤᠮᠳᠠᠳᠤ ᠤᠯᠤᠰ ᠤᠨ ᠭᠠᠶᠢᠯᠢ ᠶᠢᠨ ᠶᠡᠷᠦᠩᠬᠡᠢ ᠲᠣᠪᠴᠢᠶ᠎ᠠ ᠬᠠᠮᠲᠤ ᠪᠠᠷ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠡᠯᠧᠺᠲᠷᠣᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠶᠢ ᠬᠡᠷᠡᠭᠯᠡᠨ ᠲᠡᠷᠭᠡ ᠬᠥᠰᠬᠡ ᠳᠠᠩᠰᠠᠯᠠᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠪᠠᠶᠢᠷᠢᠯᠠᠭᠤᠯᠵᠤ᠂ ᠣᠯᠠᠨ ᠲᠦᠮᠡᠨ ᠤ ᠲᠡᠷᠭᠡ ᠬᠤᠳᠠᠯᠳᠤᠨ ᠠᠪᠴᠤ ᠭᠠᠶᠢᠯᠢ ᠲᠤᠰᠢᠶᠠᠬᠤ᠂  ᠳᠠᠩᠰᠠᠯᠠᠨ ᠫᠠᠶᠢᠰᠠ ᠡᠯᠭᠦᠬᠦ ᠳᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠪᠠ᠃ ᠨᠢᠭᠡ ᠳᠤ ᠭᠠᠶᠢᠯᠢ ᠲᠤᠰᠢᠶᠠᠬᠤ ᠠᠷᠭ᠎ᠠ ᠵᠠᠮ ᠢ ᠣᠯᠠᠨ ᠡᠰᠢᠵᠢᠭᠦᠯᠪᠡ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠲᠤᠰᠢᠶᠠᠬᠤ ᠠᠷᠭ᠎ᠠ ᠵᠠᠮ ᠢ ᠤᠯᠠᠮ ᠪᠠᠶᠠᠯᠢᠭᠵᠢᠭᠤᠯᠤᠨ᠂ ᠭᠠᠶᠢᠯᠢ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ‍ ᠴᠢᠭ ᠰᠦᠯᠵᠢᠶ᠎ᠡ ᠨᠡᠮᠡᠭᠳᠡᠭᠦᠯᠦᠨ᠂ ᠭᠠᠶᠢᠯᠢ ᠲᠤᠰᠢᠶᠠᠬᠤ ᠮᠠᠰᠢᠨ ᠢ ᠳᠡᠯᠭᠡᠷᠡᠭᠦᠯᠦᠨ ᠬᠡᠷᠡᠭᠯᠡᠨ᠂ ᠢᠨᠲ᠋ᠧᠷ ᠰᠦᠯᠵᠢᠶ᠎ᠡ ᠪᠠᠷ ᠳᠠᠮᠵᠢᠨ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠲᠤᠰᠢᠶᠠᠬᠤ ᠶᠢ ᠬᠡᠷᠡᠭᠵᠢᠭᠦᠯᠦᠨ᠎ᠡ᠃ ᠡᠭᠦᠨ ᠤ ᠳᠤ ᠬᠠᠮᠲᠤ᠂ ᠲᠡᠷᠭᠡ ᠬᠥᠰᠬᠡ ᠳᠠᠩᠰᠠᠯᠠᠬᠤ ᠲᠤᠬᠠᠶᠢᠯᠠᠭᠰᠠᠨ ᠠᠵᠢᠯ ᠢ ᠰᠢᠶᠠᠨ ᠤ ᠱᠠᠲᠤ ᠪᠣᠯᠤᠨ ᠨᠡᠶᠢᠭᠡᠮ ᠤᠨ ᠦᠢᠯᠡᠴᠢᠯᠡᠭᠡᠨ ᠤ ᠴᠢᠭ ᠰᠦᠯᠵᠢᠶᠡᠨ ᠳᠤ ᠳᠣᠷᠣᠭᠰᠢ ᠪᠠᠭᠤᠯᠭᠠᠬᠤ ᠳᠤ ᠳᠥᠭᠦᠮ ᠨᠥᠬᠦᠴᠡᠯ ᠬᠠᠩᠭᠠᠵᠤ᠂ ᠲᠡᠷᠭᠡ ᠬᠥᠰᠬᠡ ᠬᠤᠳᠠᠯᠳᠤᠨ ᠠᠪᠬᠤ᠂ ᠭᠠᠶᠢᠯᠢ ᠰᠦᠢᠳᠬᠡᠯ ᠲᠤᠰᠢᠶᠠᠬᠤ᠂ ᠳᠠᠩᠰᠠᠯᠠᠨ ᠫᠠᠶᠢᠰᠠ ᠡᠯᠭᠦᠬᠦ ᠵᠡᠷᠭᠡ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠢ ᠨᠠᠩ ᠰᠠᠶᠢᠲᠤᠷ ᠪᠡᠶᠡᠯᠡᠭᠦᠯᠬᠦ ᠪᠣᠯᠪᠠ᠃ ᠬᠤᠶᠠᠷ ᠲᠤ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠮᠵᠢᠭᠤᠯᠵᠤ ᠳᠡᠶᠢᠯᠬᠦ ᠪᠣᠯᠪᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠬᠤᠳᠠᠯᠳᠤᠨ ᠠᠪᠬᠤ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠳᠠᠮᠵᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠯᠵᠢᠶ᠎ᠡ ᠬᠤᠯᠪᠣᠨ ᠬᠢᠨᠠᠨ ᠪᠠᠶᠢᠴᠠᠭᠠᠬᠤ ᠶᠢ ᠪᠡᠶᠡᠯᠡᠭᠦᠯᠪᠡ᠃ ᠭᠤᠷᠪᠠ ᠳᠤ ᠭᠠᠶᠢᠯᠢ ᠲᠤᠰᠢᠶᠠᠭᠰᠠᠨ ᠴᠠᠭᠠᠰᠤᠨ ᠭᠡᠷᠡᠴᠢ ᠪᠠᠷᠢᠮᠲᠠ ᠶᠢ ᠬᠡᠷᠡᠭᠯᠡᠬᠦ ᠦᠭᠡᠢ ᠪᠣᠯᠵᠠᠢ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠲᠤᠰᠢᠶᠠᠭᠰᠠᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠠᠬᠢᠵᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠴᠠᠭᠠᠰᠤᠨ ᠭᠡᠷᠡᠴᠢ ᠶᠢ ᠳᠠᠷᠤᠮᠠᠯᠯᠠᠨ ᠲᠠᠷᠬᠠᠭᠠᠬᠤ ᠥᠬᠡᠶ᠃      ᠠᠰᠠᠭᠤᠯᠲᠠ᠄ ︽ᠢᠨᠲ᠋ᠧᠷ ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ︾ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ ᠰᠠᠨᠠᠯ ᠪᠠᠶᠢᠬᠤ ᠪᠣᠶ︖      ᠬᠠᠷᠢᠭᠤᠯᠲᠠ᠄ ᠲᠣᠰ ᠤᠳᠠᠭᠠᠨ ᠤ ᠥᠭᠡᠷᠡᠴᠢᠯᠡᠯᠲᠡ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠢᠨᠲ᠋ᠧᠷ ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ︾ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 12123 ᠠᠪᠢᠶᠠᠨ ᠤ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠨ᠂ ᠡᠯ᠎ᠡ ᠭᠠᠵᠠᠷ ᠲᠤ 12123 ᠠᠪᠢᠶᠠᠨ ᠤ ᠦᠢᠯᠡᠴᠢᠯᠡᠭᠡᠨ ᠤ ᠲᠥᠪ ᠪᠠᠶᠢᠭᠤᠯᠤᠨ᠂ ᠠᠯᠬᠤᠮ ᠠᠯᠬᠤᠮ ᠢᠶᠠᠷ ᠪᠥᠬᠦ ᠤᠯᠤᠰ ᠤᠨ ᠨᠢᠭᠡᠳᠦᠯᠲᠡᠶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠤᠲᠠᠰᠤᠨ ᠨᠣᠮᠧᠷ ︽12123︾ ᠶᠢ ᠬᠡᠷᠡᠭᠵᠢᠭᠦᠯᠵᠦ᠂ ᠣᠯᠠᠨ ᠲᠦᠮᠡᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠮᠡᠳᠡᠭᠡ ᠵᠠᠩᠭᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠶᠢ ᠬᠠᠩᠭᠠᠨ᠎ᠠ᠃ ᠡᠭᠦᠨ ᠠᠴᠠ ᠭᠠᠳᠠᠨ᠎ᠠ᠂ ︽ᠢᠨᠲ᠋ᠧᠷ ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ︾ ᠶᠢᠨ ᠰᠢᠰᠲ᠋ᠧᠮ ᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠰᠦᠯᠵᠢᠶᠡᠨ ᠤ ᠨᠢᠭᠤᠷ᠂ ᠭᠠᠷ ᠤᠲᠠᠰᠤᠨ ᠤ A p p᠂ ᠣᠬᠤᠷ ᠮᠡᠳᠡᠭᠡ ᠪᠠ ᠠᠪᠢᠶ᠎ᠠ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠠᠷᠭ᠎ᠠ ᠵᠠᠮ ᠨᠢ ᠬᠠᠷᠢᠯᠴᠠᠨ ᠨᠥᠬᠦᠪᠦᠷᠢᠯᠡᠨ ᠠᠬᠢᠭᠤᠯᠵᠤ᠂ ᠠᠳᠠᠯᠢ ᠪᠤᠰᠤ ᠶᠢᠨ ᠨᠠᠰᠤᠨ ᠤ ᠱᠠᠲᠤ ᠦᠶ᠎ᠡ᠂ ᠰᠣᠶᠣᠯ ᠤᠨ ᠬᠢᠷᠢ ᠬᠡᠮᠵᠢᠶ᠎ᠡ᠂ ᠵᠠᠩ ᠳᠠᠳᠬᠠᠯ ᠳᠤᠷ᠎ᠠ ᠪᠠᠭ᠎ᠠ᠂ ᠠᠮᠢᠳᠤᠷᠠᠯ ᠤᠨ ᠣᠷᠴᠢᠨ ᠠᠬᠤᠢ ᠲᠠᠢ ᠪᠦᠯᠦᠭᠯᠡᠯ ᠤᠨ ᠦᠢᠯᠡᠴᠢᠯᠡᠭᠡᠨ ᠤ ᠬᠡᠷᠡᠭᠴᠡᠭᠡ ᠳᠤ ᠪᠦᠷ ᠵᠣᠬᠢᠴᠠᠬᠤ ᠪᠣᠯᠤᠨ᠎ᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ