ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ ᠲᠠᠶᠢᠯᠪᠤᠷᠢᠯᠠᠯᠲᠠ ︵ᠬᠤᠶᠠᠷ︶
ᠨᠡᠶᠢᠲᠡᠯᠡᠭᠰᠡᠨ ᠴᠠᠭ᠄
2019/7/8
     ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂      ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ 10 ᠵᠦᠢᠯ       ᠤᠨ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠠᠷᠭ᠎ᠠ ᠬᠡᠮᠵᠢᠶ᠎ᠡ ᠶᠢᠨ      ᠲᠠᠶᠢᠯᠪᠤᠷᠢᠯᠠᠯᠲᠠ ︵ᠬᠤᠶᠠᠷ︶      ᠮᠠᠰᠢᠨ ᠲᠡᠷᠭᠡ ᠶᠢᠨ ᠳᠠᠩᠰᠠ ᠰᠢᠯᠵᠢᠭᠦᠯᠬᠦ ᠶᠢ 120 ᠬᠤᠳᠠ ᠰᠦᠯᠵᠢᠶᠡᠨ      ᠳᠡᠭᠡᠷ᠎ᠡ ᠳᠠᠮᠵᠢᠭᠤᠯᠬᠤ ᠶᠢ ᠪᠡᠶᠡᠯᠡᠭᠦᠯᠪᠡ      2019 ᠣᠨ ᠤ 4 ᠳ᠋ᠦ᠋ᠭᠡᠷ ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ 10 ᠵᠦᠢᠯ ᠤᠨ ᠰᠢᠨ᠎ᠡ ᠠᠷᠭ᠎ᠠ ᠬᠡᠮᠵᠢᠶ᠎ᠡ ᠨᠡᠶᠢᠲᠡᠯᠡᠪᠡ᠂ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠨᠢ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠥᠷᠭᠡᠨ ᠣᠯᠠᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠡᠨᠡ 10 ᠵᠦᠢᠯ ᠤᠨ ᠰᠢᠨ᠎ᠡ ᠠᠷᠭ᠎ᠠ ᠬᠡᠮᠵᠢᠶ᠎ᠡ ᠳᠤ ᠨᠠᠷᠢᠨ ᠲᠠᠶᠢᠯᠪᠤᠷᠢᠯᠠᠯᠲᠠ ᠬᠢᠵᠡᠢ᠃      ᠠᠰᠠᠭᠤᠯᠲᠠ᠄ ᠮᠠᠰᠢᠨ ᠲᠡᠷᠭᠡ ᠣᠨᠳᠣᠣ ᠭᠠᠵᠠᠷ ᠳᠠᠩᠰᠠ ᠰᠢᠯᠵᠢᠭᠦᠯᠬᠦ ᠶᠢ ᠲᠤᠷᠰᠢᠨ ᠬᠡᠷᠡᠭᠵᠢᠭᠦᠯᠬᠦ ᠭᠠᠵᠠᠷ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠲᠠᠷᠠᠭᠠᠴᠢ ᠶᠢᠨ ᠠᠯᠬᠤᠮ ᠳᠤ ᠠᠪᠬᠤ ᠠᠷᠭ᠎ᠠ ᠬᠡᠮᠵᠢᠶ᠎ᠡ ᠪᠠᠨ ᠲᠠᠨᠢᠯᠴᠠᠭᠤᠯᠤᠭᠠᠷᠠᠢ︖      ᠬᠠᠷᠢᠭᠤᠯᠲᠠ᠄ ᠣᠳᠣᠬᠠᠨ ᠳᠤ᠂ ᠮᠠᠰᠢᠨ ᠲᠡᠷᠭᠡᠨ ᠤ ᠲᠠᠩᠰᠠ ᠶᠢ ᠪᠤᠰᠣᠳ ᠭᠠᠵᠠᠷ ᠲᠤ ᠰᠢᠯᠵᠢᠭᠦᠯᠬᠦ ᠳᠤ ᠲᠡᠷᠭᠡ ᠶᠢᠨ ᠡᠵᠡᠨ ᠰᠢᠯᠵᠢᠭᠦᠯᠵᠦ ᠭᠠᠷᠬᠤ ᠭᠠᠵᠠᠷ ᠲᠠᠭᠠᠨ ᠲᠡᠷᠭᠡ ᠪᠠᠨ ᠪᠠᠶᠢᠴᠠᠭᠠᠯᠭᠠᠬᠤ᠂ ᠲᠡᠷᠭᠡ ᠶᠢᠨ ᠫᠠᠶᠢᠰᠠ ᠪᠠᠨ ᠪᠤᠴᠠᠭᠠᠬᠤ᠂ ᠳᠠᠩᠰᠠ ᠡᠪᠬᠡᠮᠡᠯ ᠢᠶᠠᠨ ᠭᠠᠷᠭᠠᠨ ᠠᠪᠬᠤ᠂ ᠲᠦᠷ ᠬᠡᠷᠡᠭᠯᠡᠬᠦ ᠫᠠᠶᠢᠰᠠ ᠭᠤᠶᠤᠴᠢᠯᠠᠨ ᠠᠪᠬᠤ ᠴᠢᠬᠤᠯᠠᠲᠠᠢ᠂ ᠲᠠᠬᠢᠨ ᠰᠢᠯᠵᠢᠭᠦᠯᠵᠦ ᠣᠷᠣᠬᠤ ᠭᠠᠵᠠᠷ ᠲᠤ ᠳᠠᠩᠰᠠ ᠡᠪᠬᠡᠮᠡᠯ ᠢᠶᠠᠨ ᠲᠤᠰᠢᠶᠠᠬᠤ᠂ ᠲᠡᠷᠭᠡ ᠪᠠᠨ ᠪᠠᠶᠢᠴᠠᠭᠠᠯᠭᠠᠬᠤ᠂ ᠨᠣᠮᠧᠷ ᠰᠤᠩᠭᠤᠵᠤ ᠫᠠᠶᠢᠰᠠ ᠠᠪᠬᠤ ᠬᠡᠷᠡᠭᠲᠡᠢ᠂ ᠲᠠᠬᠢᠨ ᠲᠠᠪᠳᠠᠨ ᠭᠠᠷ ᠭᠦᠢᠴᠡᠳᠭᠡᠯ ᠬᠢᠬᠦ ᠨᠢ᠂ ᠥᠪᠡᠷ ᠤᠨ ᠥᠷᠲᠡᠭ ᠨᠢ ᠶᠡᠭᠡ ᠮᠥᠷᠲᠡᠭᠡᠨ ᠴᠠᠭ ᠢᠯᠡᠭᠦᠦ ᠬᠡᠷᠡᠭᠰᠡᠳᠡᠭ᠃      2018 ᠣᠨ ᠤ 6 ᠳ᠋ᠤᠭᠠᠷ ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ 20 ᠵᠦᠶᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠭᠠᠷᠭᠠᠵᠤ᠂ ᠨᠠᠨᠵᠢᠩ ᠵᠡᠷᠭᠡ 15 ᠬᠤᠲᠠ ᠳᠤ ᠲᠡᠭᠡᠭᠡᠪᠦᠷᠢ ᠶᠢᠨ ᠪᠤᠰᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢᠨ ᠳᠠᠩᠰᠠ ᠡᠪᠬᠡᠮᠡᠯ ᠢ ᠡᠯᠧᠺᠲᠷᠣᠨ ᠢᠶᠠᠷ ᠳᠠᠮᠵᠢᠭᠤᠯᠤᠨ ᠬᠦᠷᠭᠡᠬᠦ ᠲᠤᠷᠰᠢᠯᠲᠠ ᠬᠢᠵᠦ᠂ ᠠᠷᠠᠳ ᠲᠦᠮᠡᠨ ᠤ ᠲᠠᠬᠢᠨ ᠲᠠᠪᠳᠠᠨ ᠭᠠᠷ ᠭᠦᠢᠴᠡᠳᠭᠡᠯ ᠬᠢᠬᠦ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ︽ᠭᠦᠢᠴᠡᠳᠭᠡᠬᠦ︾ ᠪᠠᠷ ᠣᠷᠣᠯᠠᠪᠠ᠃ ᠨᠢᠭᠡ ᠳᠤ ᠳᠠᠩᠰᠠ ᠰᠢᠯᠵᠢᠭᠦᠯᠬᠦ ᠳᠠᠩᠰᠠ ᠡᠪᠬᠡᠮᠡᠯ ᠢ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠨ᠎ᠡ᠃ ᠮᠠᠰᠢᠨ ᠲᠡᠷᠭᠡ ᠳᠠᠩᠰᠠᠯᠠᠭᠰᠠᠨ ᠭᠠᠵᠠᠷ ᠠᠴᠠ ᠪᠠᠨ ᠰᠢᠯᠵᠢᠭᠦᠯᠦᠨ ᠭᠠᠷᠬᠤ ᠳᠤ᠂ ᠭᠤᠶᠤᠴᠢᠯᠠᠭᠴᠢ ᠨᠢ ᠰᠢᠯᠵᠢᠭᠦᠯᠵᠦ ᠭᠠᠷᠬᠤ ᠭᠠᠵᠠᠷ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠠᠴᠠ ᠴᠠᠭᠠᠰᠤᠨ ᠳᠠᠩᠰᠠ ᠡᠪᠬᠡᠮᠡᠯ ᠢ ᠭᠠᠷᠭᠠᠨ ᠠᠪᠬᠤ ᠴᠢᠬᠤᠯᠠ ᠥᠬᠡᠶ ᠪᠣᠯᠵᠤ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠰᠦᠯᠵᠢᠶ᠎ᠡ ᠪᠠᠷ ᠳᠠᠮᠵᠢᠭᠤᠯᠤᠨ ᠰᠢᠯᠵᠢᠭᠦᠯᠵᠦ ᠣᠷᠣᠬᠤ ᠭᠠᠵᠠᠷ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠲᠤ ᠥᠭᠴᠦ ᠂ ᠳᠠᠩᠰᠠ ᠡᠪᠬᠡᠮᠡᠯ ᠢ ᠭᠠᠷᠭᠠᠨ ᠠᠪᠬᠤ ᠬᠦᠯᠢᠶᠡᠬᠦ ᠴᠠᠭ ᠢ ᠪᠠᠭᠠᠰᠬᠠᠭᠰᠠᠨ ᠪᠥᠭᠡᠳ ᠠᠪᠴᠤ ᠶᠠᠪᠤᠬᠤ᠂ ᠬᠠᠳᠠᠭᠠᠯᠠᠨ ᠬᠠᠮᠢᠶᠠᠷᠬᠤ᠂ ᠳᠠᠩᠰᠠ ᠡᠪᠬᠡᠮᠡᠯ ᠢ ᠰᠢᠯᠵᠢᠭᠦᠯᠦᠨ ᠥᠭᠬᠦ ᠵᠡᠷᠭᠡ ᠳᠥᠭᠦᠮ ᠦᠭᠡᠢ ᠪᠠᠶᠢᠳᠠᠯ ᠢ ᠴᠤ ᠪᠠᠭᠠᠰᠬᠠᠭᠰᠠᠨ ᠪᠠᠶᠢᠨ᠎ᠠ᠃ ᠡᠭᠦᠨ ᠤ ᠬᠠᠮᠲᠤ᠂ ᠮᠠᠰᠢᠨ ᠲᠡᠷᠭᠡᠨ ᠤ ᠳᠠᠩᠰᠠ ᠡᠪᠬᠡᠮᠡᠯ ᠢ ᠴᠠᠭᠠᠰᠤᠨ ᠤ ᠬᠡᠯᠪᠡᠷᠢ ᠡᠴᠠ‌ᠡᠯᠧᠺᠲᠷᠣᠨᠴᠢᠯᠠᠭᠰᠠᠨ ᠬᠡᠯᠪᠡᠷᠢ ᠪᠣᠯᠭᠠᠨ ᠬᠤᠪᠢᠷᠠᠭᠤᠯᠬᠤ ᠨᠢ ᠴᠢᠩᠭ᠎ᠠ ᠵᠢᠷᠤᠮᠵᠢᠭᠤᠯᠤᠨ ᠬᠠᠮᠢᠶᠠᠷᠬᠤ  ᠳᠤ  ᠨᠠᠩ ᠠᠰᠢᠭᠲᠠᠢ ᠪᠠᠶᠢᠵᠤ᠂ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠬᠦ ᠵᠢᠴᠢ ᠭᠡᠭᠡᠭᠳᠡᠬᠦ ᠲᠦᠭᠰᠢᠭᠦᠷᠢ ᠶᠢ ᠪᠠᠭᠠᠰᠬᠠᠬᠤ ᠳᠤ ᠠᠰᠢᠭᠲᠠᠢ ᠶᠤᠮ᠃ ᠬᠤᠶᠠᠷ ᠲᠤ᠂ ᠳᠠᠩᠰᠠ ᠰᠢᠯᠵᠢᠭᠦᠯᠵᠦ ᠲᠡᠷᠭᠡ ᠪᠠᠶᠢᠴᠠᠭᠠᠯᠭᠠᠬᠤ ᠶᠢ ᠨᠢᠭᠡ ᠯᠡ ᠤᠳᠠᠭ᠎ᠠ ᠳᠤ ᠪᠡᠶᠡᠯᠡᠭᠦᠯᠦᠨ᠎ᠡ᠃ ᠡᠯᠧᠺᠲᠷᠣᠨ ᠳᠠᠩᠰᠠ ᠡᠪᠬᠡᠮᠡᠯ ᠢ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠢᠯᠵᠢᠭᠦᠯᠵᠦ ᠭᠠᠷᠬᠤ᠂ ᠲᠡᠷᠭᠡ ᠬᠥᠰᠬᠡ ᠳᠠᠩᠰᠠᠯᠠᠬᠤ ᠶᠠᠪᠤᠴᠠ ᠢ ᠳᠥᠭᠦᠮᠴᠢᠯᠡᠬᠦ ᠬᠡᠷᠡᠭᠲᠡᠶ᠃ ᠮᠠᠰᠢᠨ ᠲᠡᠷᠭᠡ ᠶᠢ ᠣᠨᠳᠣᠤ ᠭᠠᠵᠠᠷ ᠲᠤ ᠳᠠᠩᠰᠠᠯᠠᠭᠤᠯᠤᠭᠰᠠᠨ ᠪᠠᠶᠢᠪᠠᠯ᠂ ᠭᠤᠶᠤᠴᠢᠯᠠᠭᠴᠢ ᠨᠢ ᠰᠢᠭᠤᠳ ᠲᠡᠷᠭᠡ ᠬᠥᠰᠬᠡ ᠶᠢᠨ ᠳᠠᠩᠰᠠ ᠶᠢ ᠰᠢᠯᠵᠢᠭᠦᠯᠵᠦ ᠣᠷᠣᠬᠤ ᠭᠠᠵᠠᠷ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠲᠤ ᠭᠤᠶᠤᠴᠢᠯᠠᠵᠤ᠂ ᠰᠢᠯᠵᠢᠭᠦᠯᠵᠦ ᠭᠠᠷᠬᠤ ᠭᠠᠵᠠᠷ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠲᠤ ᠪᠤᠴᠠᠵᠤ ᠪᠠᠶᠢᠴᠠᠭᠠᠬᠤ ᠴᠢᠬᠤᠯᠠ ᠦᠭᠡᠢ᠂ ︽ᠰᠢᠯᠵᠢᠭᠦᠯᠵᠦ ᠭᠠᠷᠬᠤ᠂ ᠰᠢᠯᠵᠢᠭᠦᠯᠵᠦ ᠣᠷᠣᠬᠤ ᠭᠠᠵᠠᠷ ᠬᠤᠶᠠᠷ ᠤᠳᠠᠭ᠎ᠠ ᠲᠡᠷᠭᠡ ᠪᠠᠶᠢᠴᠠᠭᠠᠯᠭᠠᠬᠤ︾ ᠶᠢ ︽ᠰᠢᠯᠵᠢᠭᠦᠯᠵᠦ ᠣᠷᠣᠬᠤ ᠭᠠᠵᠠᠷ ᠲᠤ ᠨᠢᠭᠡ ᠯᠠ ᠤᠳᠠᠭ᠎ᠠ ᠲᠡᠷᠭᠡ ᠪᠠᠶᠢᠴᠠᠭᠠᠯᠭᠠᠬᠤ︾ ᠪᠣᠯᠭᠠᠨ ᠬᠤᠪᠢᠷᠠᠭᠤᠯᠵᠤ᠂ ᠠᠷᠠᠳ ᠲᠦᠮᠡᠨ ᠤ ᠬᠤᠶᠠᠷ ᠭᠠᠵᠠᠷ ᠤᠨ ᠬᠤᠭᠤᠷᠣᠨᠳᠣ ᠳᠠᠬᠢᠨᠲᠠ ᠭᠦᠶᠦᠬᠦ ᠶᠢ ᠪᠠᠭᠠᠰᠬᠠᠬᠤ ᠬᠡᠷᠡᠭᠲᠡᠶ᠃      ᠣᠳᠣᠬᠠᠨ ᠳᠤ᠂ 15 ᠬᠤᠲᠠ ᠶᠢᠨ ᠲᠤᠷᠰᠢᠯᠲᠠ ᠶᠢᠨ ᠠᠵᠢᠯ ᠯᠠᠪᠳᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠣᠯᠠᠨ ᠲᠦᠮᠡᠨ ᠤ ᠬᠦᠷᠢᠶᠡᠯᠡᠯ ᠢ ᠣᠯᠵᠠᠢ᠃ ᠲᠣᠰ ᠤᠳᠠᠭᠠᠨ ᠤ ᠥᠭᠡᠷᠡᠴᠢᠯᠡᠯᠲᠡ ᠳᠤ ᠲᠤᠷᠰᠢᠯᠲᠠ ᠬᠢᠬᠦ ᠬᠡᠪᠴᠢᠶ᠎ᠡ ᠶᠢ ᠥᠷᠭᠡᠳᠭᠡᠨ 105 ᠲᠤᠷᠰᠢᠯᠲᠠ ᠬᠢᠬᠦ ᠬᠤᠲᠠ ᠶᠢ ᠰᠢᠨ᠎ᠡ ᠪᠠᠷ ᠨᠡᠮᠡᠭᠳᠡᠭᠦᠯᠪᠡ ᠃ ᠪᠦᠬᠦ ᠰᠢᠭᠤᠳ ᠬᠠᠷᠢᠶ᠎ᠠ ᠬᠤᠲᠠ᠂ ᠮᠤᠵᠢ ᠶᠢᠨ ᠲᠥᠪ ᠬᠤᠲᠠ᠂ ᠥᠪᠡᠷᠲᠡᠭᠡᠨ ᠵᠠᠰᠠᠬᠤ ᠣᠷᠣᠨ ᠤ ᠲᠥᠪ ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ ᠳᠤ ᠬᠡᠷᠡᠭᠵᠢᠭᠦᠯᠬᠦ ᠶᠢᠨ ᠬᠠᠮᠲᠤ ᠡᠯ᠎ᠡ ᠮᠣᠵᠢ ︵ᠣᠷᠣᠨ︶ ᠳᠠᠬᠢᠨ 1 ᠠᠴᠠ 2 ᠰᠠᠭᠤᠷᠢ ᠨᠥᠬᠦᠴᠡᠯ ᠢᠶᠠᠷ ᠰᠠᠶᠢᠨ᠂ ᠳᠠᠭᠠᠯᠳᠤᠬᠤ ᠠᠷᠭ᠎ᠠ ᠬᠡᠮᠵᠢᠶ᠎ᠡ ᠪᠠᠷ ᠪᠦᠷᠢᠨ ᠲᠡᠭᠦᠯᠳᠡᠷ ᠬᠤᠲᠠ ᠶᠢ ᠰᠣᠩᠭᠤᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠠᠰᠢᠭ ᠬᠦᠷᠲᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠨᠠᠩ ᠣᠯᠠᠨ ᠠᠷᠠᠳ ᠲᠦᠮᠡᠨ ᠳᠤ ᠠᠰᠢᠭ ᠬᠦᠷᠲᠡᠭᠡᠨ᠎ᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ