ᠳᠠᠷᠣᠵᠣ ᠠᠪᠣᠭᠰᠠᠨ ᠳᠠᠩᠰᠠᠯᠠᠯ ᠤᠨ ᠬᠡᠯᠪᠡᠷᠢ
ᠨᠡᠶᠢᠲᠡᠯᠡᠭᠰᠡᠨ ᠴᠠᠭ᠄
2019/8/6
     ᠳᠠᠷᠣᠵᠣ ᠠᠪᠣᠭᠰᠠᠨ ᠳᠠᠩᠰᠠᠯᠠᠯ ᠢ ᠪᠢᠴᠢᠬᠦ ᠳᠤ ᠠᠩᠬᠠᠷᠬᠤ ᠵᠦᠢᠯ ᠤᠳ᠄      ᠬᠠᠤᠯᠢ ᠴᠠᠭᠠᠵᠠ ᠶᠢᠨ ᠪᠠᠶᠢᠭᠤᠯᠭ᠎ᠠ ᠬᠠᠤᠯᠢ ᠶᠣᠰᠣᠭᠠᠷ ᠰᠢᠯᠭᠠᠨ ᠪᠠᠶᠢᠴᠠᠭᠠᠬᠤ᠂ ᠨᠡᠩᠵᠢᠨ ᠪᠠᠶᠢᠴᠠᠭᠠᠬᠤ ᠳᠤᠮᠳᠠ ᠵᠠᠭᠠᠯᠳᠤᠭᠳᠠᠭᠴᠢ ᠶᠢᠨ ᠶᠠᠯ᠎ᠠ ᠲᠠᠢ ᠪᠤᠶᠤ ᠶᠠᠯ᠎ᠠ ᠦᠭᠡᠢ ᠭᠡᠳᠡᠭ ᠢ ᠭᠡᠷᠡᠴᠢᠯᠡᠵᠦ ᠪᠣᠯᠬᠤ ᠡᠯ᠎ᠡ ᠵᠦᠶᠯ ᠤᠨ ᠡᠳ᠋ ᠪᠣᠳᠠᠰ ᠪᠠ ᠪᠢᠴᠢᠭ ᠮᠠᠲ᠋ᠧᠷᠢᠶᠠᠯ ᠤᠳ ᠢ ᠦᠯᠡᠳᠡᠭᠡᠵᠦ ᠠᠪᠬᠤ ᠳᠤ ᠬᠡᠷᠡᠭᠯᠡᠬᠦ ᠳᠠᠩᠰᠠᠯᠠᠯ ᠢ ᠵᠢᠭᠠᠵᠤ ᠪᠠᠶᠢᠨ᠎ᠠ᠃ ᠭᠤᠣᠯᠳᠠᠭᠤ ᠳᠣᠣᠷᠠᠬᠢ ᠮᠡᠲᠦ ᠭᠤᠷᠪᠠᠨ ᠬᠡᠰᠡᠭ ᠢᠶᠠᠷ ᠪᠦᠷᠢᠯᠳᠦᠨ᠎ᠡ᠄      ᠨᠢᠭᠡᠳᠦᠭᠡᠷ ᠬᠡᠰᠡᠭ᠂ ᠭᠠᠷᠴᠠᠭ ᠪᠠ ᠨᠢᠭᠤᠷ ᠤᠨ ᠳᠠᠷᠠᠭᠠᠯᠠᠯ ᠢ ᠲᠣᠳᠣᠷᠬᠠᠶ ᠪᠢᠴᠢᠨ᠎ᠡ︔      ᠬᠤᠶᠠᠳᠣᠭᠠᠷ ᠬᠡᠰᠡᠭ᠂ ᠡᠳ᠋ ᠪᠣᠳᠠᠰ ᠢ ᠦᠯᠡᠳᠡᠭᠡᠨ ᠠᠪᠤᠭᠰᠠᠨ ᠪᠠᠶᠢᠳᠠᠯ ᠢ ᠲᠣᠳᠣᠷᠬᠠᠶᠢᠯᠠᠨ᠎ᠠ᠃ ᠲᠣᠰ ᠬᠡᠰᠡᠭ ᠪᠣᠯ ᠭᠤᠣᠯ ᠬᠡᠰᠡᠭ ᠮᠥᠨ᠂ ᠨᠣᠮᠧᠷ᠂ ᠪᠣᠳᠠᠰ ᠤᠨ ᠨᠡᠷᠡᠶᠢᠳᠦᠯ᠂ ᠲᠤᠭ᠎ᠠ ᠬᠡᠮᠵᠢᠶ᠎ᠡ᠂ ᠨᠢᠭᠡᠴᠢ᠂ ᠣᠨᠴᠠᠯᠢᠭ ᠰᠢᠨᠵᠢ᠂ ᠲᠠᠶᠢᠯᠪᠤᠷᠢ ᠶᠢ ᠲᠣᠳᠣᠷᠬᠠᠶ ᠲᠠᠭᠯᠠᠨ᠎ᠠ︔      ᠭᠤᠷᠪᠠᠳᠣᠭᠠᠷ ᠬᠡᠰᠡᠭ᠂ ᠨᠡᠩᠵᠢᠭᠴᠢ᠂ ᠭᠡᠷᠡᠴᠢᠯᠡᠭᠴᠢ᠂ ᠨᠡᠩᠵᠢᠭᠳᠡᠭᠴᠢ ᠲᠣᠰᠪᠣᠷᠢ ᠭᠠᠷ ᠤᠨ ᠦᠰᠦᠭ ᠢᠶᠠᠨ ᠵᠢᠷᠤᠵᠤ᠂ ᠶᠡᠷᠦᠩᠬᠡᠶ ᠨᠢᠭᠤᠷ ᠤᠨ ᠲᠤᠭ᠎ᠠ ᠪᠠ ᠣᠨ ᠰᠠᠷ᠎ᠠ ᠡᠳᠦᠷ ᠢ ᠲᠣᠳᠣᠷᠬᠠᠶᠢᠯᠠᠵᠤ᠂ ᠠᠯᠪᠠᠨ ᠲᠠᠮᠠᠭ᠎ᠠ ᠳᠠᠷᠤᠨ᠎ᠠ᠃      ᠦᠯᠡᠳᠡᠭᠡᠵᠦ ᠠᠪᠤᠭᠰᠠᠨ ᠡᠳ᠋ ᠪᠣᠳᠠᠰ᠂ ᠪᠢᠴᠢᠭ ᠮᠠᠲ᠋ᠧᠷᠢᠶᠠᠯ ᠵᠡᠷᠭᠡ ᠶᠢ ᠰᠠᠶᠢᠲᠤᠷ ᠬᠠᠳᠠᠭᠠᠯᠠᠨ ᠬᠠᠮᠢᠶᠠᠷᠴᠣ᠂ ᠡᠪᠳᠡᠯᠡᠨ ᠰᠦᠢᠳᠬᠡᠬᠦ᠂ ᠰᠣᠯᠢᠬᠤ ᠪᠣᠶᠣ ᠬᠡᠷᠡᠭᠯᠡᠵᠦ ᠪᠣᠯᠬᠤ ᠦᠭᠡᠢ︔ ᠬᠡᠷᠪᠡ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠬᠡᠷᠡᠭ ᠯᠦᠭᠡ ᠬᠤᠯᠪᠣᠭᠳᠠᠯ ᠦᠭᠡᠢ ᠪᠠᠶᠢᠪᠠᠯ᠂ ᠳᠠᠷᠤᠶ ᠲᠦᠷᠭᠡᠨ ᠪᠤᠴᠠᠭᠠᠬᠤ ᠬᠡᠷᠡᠭᠲᠡᠶ      ᠲᠣᠰ ᠪᠢᠴᠢᠭ ᠬᠠᠷ᠎ᠠ ᠶᠢ ᠲᠠᠷᠤᠮᠠᠯᠯᠠᠵᠤ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠲᠠᠷᠤᠮᠠᠯᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ