ᠷᠠᠰᠢᠶᠠᠨ ᠬᠤᠲᠠ ᠶᠢᠨ ᠳᠣᠲᠣᠭᠠᠳᠦ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠭᠠᠷᠬᠤ ᠣᠷᠣᠬᠤ ᠶᠢ ᠬᠠᠮᠢᠶᠠᠷᠬᠤ ᠶᠡᠭᠡ ᠠᠩᠭᠢ ᠭᠠᠳᠠᠭᠠᠳᠦ ᠶᠢᠨ ᠬᠦᠮᠦᠰ ᠲᠤ | ᠦᠢᠯᠡᠴᠢᠯᠡᠬᠦ ᠬᠠᠮᠢᠶᠠᠷᠣᠯᠲᠠ ᠶᠢᠨ ᠠᠵᠢᠯ ᠢᠶᠠᠨ ᠴᠢᠩᠭᠠᠳᠬᠠᠪᠠ | | | ᠷᠠᠰᠢᠶᠠᠨ ᠬᠤᠲᠠ ᠶᠢᠨ ᠵᠢᠭᠤᠯᠴᠢᠯᠠᠯ ᠤᠨ ᠦᠢᠯᠡᠰ ᠪᠣᠯᠣᠨ ᠠᠵᠦ ᠠᠬᠤᠢ ᠶᠢᠨ ᠲᠦᠷᠭᠡᠨ ᠬᠦᠭᠵᠢᠯᠲᠡ ᠶᠢ ᠳᠠᠭᠠᠯᠳᠦᠨ ᠣᠯᠣᠰ ᠤᠨ ᠳᠣᠲᠣᠭᠠᠳᠦ | ᠭᠠᠳᠠᠭᠠᠳᠦ ᠶᠢᠨ ᠵᠣᠭᠠᠴᠠᠭᠰᠠᠳ ᠡᠳᠦᠷ ᠢᠷᠡᠬᠦᠶ᠎ᠡ ᠣᠯᠠᠰᠢᠷᠠᠵᠦ᠂ ᠣᠨᠴᠠᠭᠠᠶᠢᠯᠠᠨ ᠣᠯᠣᠰ ᠤᠨ ᠭᠠᠳᠠᠭᠠᠳᠦ ᠶᠢᠨ ᠵᠣᠴᠢᠳ ᠢᠯᠡᠳᠲᠡ ᠨᠡᠮᠡᠭᠳᠡᠵᠦ᠂ ᠡᠷᠡᠭᠦᠯᠵᠢᠯ | ᠪᠣᠶᠣ ᠪᠡᠶ᠎ᠡ ᠰᠣᠪᠢᠯᠠᠬᠤ ᠬᠦᠮᠦᠰ ᠡᠳᠦᠷ ᠠᠴᠠ ᠡᠳᠦᠷ ᠤᠯᠠᠰᠢᠷᠠᠪᠠ᠃ | | | | | ᠡᠨᠡ ᠬᠦ ᠪᠠᠶᠢᠳᠠᠯ ᠳᠤ ᠵᠣᠬᠢᠴᠠᠭᠤᠯᠣᠨ ᠷᠠᠰᠢᠶᠠᠨ ᠬᠤᠲᠠ ᠶᠢᠨ ᠳᠣᠲᠣᠭᠠᠳᠦ ᠶᠢ ᠬᠠᠮᠠᠭᠠᠯᠠᠬᠤ ᠲᠣᠪᠴᠢᠶᠠᠨ ᠤ ᠬᠢᠯᠢ ᠪᠠᠷ ᠭᠠᠷᠬᠤ ᠣᠷᠣᠬᠤ ᠶᠢ ᠬᠠᠮᠢᠶᠠᠷᠬᠤ | ᠶᠡᠭᠡ ᠠᠩᠬᠢ ᠦᠢᠯᠡᠴᠢᠯᠡᠭᠡ ᠪᠠᠨ ᠰᠢᠯᠢᠳᠡᠭᠵᠢᠭᠦᠯᠬᠦ ᠶᠢᠨ ᠬᠠᠮᠲᠦ ᠬᠠᠮᠢᠶᠠᠷᠣᠯᠲᠠ ᠪᠠᠨ ᠴᠢᠩᠭᠠᠳᠬᠠᠵᠤ᠂ ᠦᠢᠯᠡᠴᠢᠯᠡᠭᠡ ᠪᠠ ᠬᠠᠮᠢᠶᠠᠷᠣᠯᠲᠠ ᠶᠢ ᠵᠡᠷᠭᠡ ᠪᠠᠷ | ᠴᠢᠬᠤᠯᠠᠴᠢᠯᠠᠵᠤ᠂ ᠨᠡᠶᠢᠭᠡᠮ ᠤᠨ ᠠᠮᠣᠷ ᠲᠦᠪᠰᠢᠨ ᠪᠣᠶᠣ ᠵᠢᠭᠤᠯᠴᠢᠯᠠᠯ ᠤᠨ ᠦᠢᠯᠡᠰ ᠤᠨ ᠡᠮᠬᠢ ᠵᠢᠷᠦᠮ ᠲᠠᠢ ᠡᠷᠴᠢᠮᠲᠠᠢ ᠶᠠᠪᠣᠭᠳᠠᠬᠤ ᠶᠢ ᠪᠠᠲᠣᠯᠠᠵᠦ᠂ ᠭᠠᠳᠠᠭᠠᠳᠦ | ᠬᠠᠷᠢᠯᠴᠠᠭᠠᠨ ᠤ ᠰᠢᠯᠢᠳᠡᠭ ᠰᠠᠶᠢᠨ ᠠᠭᠤᠷ ᠠᠮᠢᠰᠬᠤᠯ ᠢ ᠪᠣᠢ ᠪᠣᠯᠭᠠᠵᠦ ᠪᠠᠶᠢᠨ᠎ᠠ᠃ ᠡᠭᠦᠨ ᠤ ᠬᠠᠮᠲᠦ᠂ ᠳᠣᠲᠣᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ | ᠰᠢᠯᠢᠳᠡᠭ ᠰᠠᠶᠢᠨ ᠭᠠᠳᠠᠭᠠᠳᠦ ᠬᠠᠷᠢᠯᠴᠠᠭᠠᠨ ᠤ ᠲᠦᠷᠢ ᠲᠦᠷᠬᠦ ᠶᠢ ᠪᠤᠢ ᠪᠤᠯᠭᠠᠵᠤ᠂ ᠷᠠᠰᠢᠶᠠᠨ ᠬᠤᠲᠠ ᠶᠢᠨ ᠰᠢᠭᠤᠳ ᠬᠠᠷᠢᠶ᠎ᠠ ᠣᠷᠣᠨ ᠳᠤ ᠪᠠᠶᠢᠭ᠎ᠠ ᠭᠠᠳᠠᠭᠠᠳᠦ | ᠶᠢᠨ ᠬᠦᠮᠦᠰ ᠲᠤ ᠬᠢᠯᠢ ᠪᠠᠷ ᠭᠠᠷᠴᠦ ᠣᠷᠣᠬᠤ᠂ ᠵᠣᠭᠠᠴᠠᠬᠤ ᠪᠣᠶᠣ ᠣᠷᠣᠰᠢᠨ ᠰᠠᠭᠤᠬᠤ ᠳᠤ ᠬᠦᠳᠡᠯᠦᠩᠭᠦᠢ ᠬᠠᠮᠢᠶᠠᠷᠣᠯᠲᠠ ᠶᠢ ᠬᠡᠷᠡᠭᠵᠢᠭᠦᠯᠵᠦ ᠡᠬᠢᠯᠡᠪᠡ᠃ | |