ᠲᠤᠯᠤᠨᠨᠠᠭᠤᠷ ᠰᠢᠶᠠᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ︽ᠨᠢᠭᠡ ᠲᠤᠰᠬᠤᠨ ᠳᠤ ᠨᠢᠭᠡ ᠴᠠᠭᠳᠠᠭᠠᠨ ᠤ ᠶᠠᠪᠤᠳᠠᠯ ᠤᠨ ᠲᠤᠰᠠᠯᠠᠭᠴᠢ︾ ᠴᠠᠭᠳᠠᠭᠠᠨ ᠤ ᠶᠠᠪᠤᠳᠠᠯ ᠤᠨ ᠬᠡᠯᠪᠡᠷᠢ ᠶᠢ ᠭᠦᠨᠵᠡᠭᠡᠢ ᠭᠡᠷᠡᠭᠵᠢᠭᠦᠯᠪᠡ
ᠨᠡᠶᠢᠲᠡᠯᠡᠭᠰᠡᠨ ᠴᠠᠭ᠄
2020/12/21
         ᠲᠤᠯᠤᠨᠨᠠᠭᠤᠷ ᠰᠢᠶᠠᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ︽ᠨᠢᠭᠡ          ᠲᠤᠰᠬᠤᠨ ᠳᠤ ᠨᠢᠭᠡ ᠴᠠᠭᠳᠠᠭᠠᠨ ᠤ ᠶᠠᠪᠤᠳᠠᠯ ᠤᠨ ᠲᠤᠰᠠᠯᠠᠭᠴᠢ︾          ᠴᠠᠭᠳᠠᠭᠠᠨ ᠤ ᠶᠠᠪᠤᠳᠠᠯ ᠤᠨ ᠬᠡᠯᠪᠡᠷᠢ ᠶᠢ ᠭᠦᠨᠵᠡᠭᠡᠢ ᠭᠡᠷᠡᠭᠵᠢᠭᠦᠯᠪᠡ              ᠡᠨᠡ ᠵᠢᠯ᠂ ᠲᠤᠯᠤᠨᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠢᠭᠡ ᠲᠤᠰᠬᠤᠨ ᠳᠤ ᠨᠢᠭᠡ ᠴᠠᠭᠳᠠᠭᠠᠨ ᠤ ᠶᠠᠪᠤᠳᠠᠯ ᠤᠨ ᠲᠤᠰᠠᠯᠠᠭᠴᠢ︾ ᠴᠠᠭᠳᠠᠭᠠᠨ ᠤ ᠶᠠᠪᠤᠳᠠᠯ ᠤᠨ ᠬᠡᠯᠪᠡᠷᠢ ᠢ ᠭᠦᠨᠵᠡᠭᠡᠶ ᠬᠡᠷᠡᠭᠵᠢᠭᠦᠯᠵᠦ᠂ ᠴᠠᠭᠳᠠᠭᠠᠨ ᠤ ᠶᠠᠪᠤᠳᠠᠯ ᠤᠨ ᠲᠤᠰᠠᠯᠠᠭᠴᠢ ︽ᠬᠥᠮᠦᠨ ᠨᠢ ᠲᠠᠨᠢᠯ ᠭᠠᠵᠠᠷ ᠨᠢ ᠳᠠᠰᠣᠯ ᠪᠠᠶᠢᠳᠠᠯ ᠨᠢ ᠤᠶᠢᠯᠠᠭᠠᠮᠵᠢᠳᠠᠢ︾ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠠᠢ ᠵᠤᠬᠢᠴᠠᠭᠤᠯᠵᠦ᠂ ᠡᠯ᠎ᠡ ᠲᠣᠰᠬᠤᠨ ᠤ ᠵᠥᠪᠯᠡᠯ ᠳᠤ ︽ᠴᠠᠭᠳᠠᠭᠠᠨ ᠤ ᠶᠠᠪᠤᠳᠠᠯ ᠤᠨ ᠲᠤᠰᠠᠯᠠᠭᠴᠢ︾ ᠠᠵᠢᠯ ᠤᠨ ᠥᠷᠲᠡᠭᠡ ᠪᠠᠶᠢᠭᠤᠯᠵᠤ᠂ ︽ᠴᠠᠭᠳᠠᠭᠠᠨ ᠤ ᠶᠠᠪᠤᠳᠠᠯ ᠤᠨ ᠲᠤᠰᠠᠯᠠᠭᠴᠢ ᠶᠢᠨ ᠦᠢᠯᠡ ᠠᠵᠢᠯᠯᠠᠭ᠎ᠠ ᠶᠢᠨ ᠳᠦᠷᠢᠮ︾ ᠢ ᠲᠣᠭᠲᠠᠭᠠᠵᠠᠶ᠃ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠣᠰᠬᠤᠨ ᠳᠤ ᠰᠠᠭᠤᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ᠂ ᠲᠣᠰᠬᠤᠨ ᠳᠤ ᠰᠠᠭᠤᠭ᠎ᠠ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠣᠮᠢᠯᠠᠭᠰᠠᠨ ᠰᠠᠯᠪᠤᠷᠢ ᠶᠢᠨ ᠵᠢᠯᠣᠭᠤᠳᠤᠯᠭ᠎ᠠ ᠳᠣᠤᠷ᠎ᠠ᠂ ᠴᠠᠭᠳᠠᠨ  ᠲᠣᠭᠤᠷᠢᠬᠤ᠂ ᠵᠠᠭᠤᠷᠠᠯᠳᠤᠭᠠᠨ  ᠢ  ᠡᠶᠡᠳᠡᠭᠦᠯᠦᠨ  ᠰᠢᠢᠳᠪᠦᠷᠢᠯᠡᠬᠦ᠂ ᠮᠡᠳᠡᠭᠡ ᠵᠠᠩᠭᠢ ᠴᠤᠭᠯᠠᠭᠤᠯᠬᠤ ᠵᠡᠷᠭᠡ ᠠᠵᠢᠯ ᠢ ᠢᠳᠡᠪᠬᠢᠲᠡᠢ ᠦᠷᠨᠢᠭᠦᠯᠪᠡ᠃      ᠣᠳᠣ ᠳᠤ ᠪᠣᠯᠲᠠᠯ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ  ︽ᠴᠠᠭᠳᠠᠭᠠᠨ ᠤ ᠶᠠᠪᠤᠳᠠᠯ ᠤᠨ ᠲᠤᠰᠠᠯᠠᠭᠴᠢ ᠶᠢᠨ ᠠᠵᠢᠯ ᠤᠨ ᠥᠷᠲᠡᠭᠡ︾ ᠶᠢ 18 ᠪᠠᠶᠢᠭᠤᠯᠵᠤ᠂ ᠲᠣᠭᠤᠷᠢᠨ ᠴᠠᠭᠳᠠᠬᠤ ᠰᠡᠷᠭᠡᠶᠢᠯᠡᠨ ᠡᠵᠡᠮᠳᠡᠬᠦ ᠠᠵᠢᠯ ᠢ 356 ᠤᠳᠠᠭ᠎ᠠ ᠦᠷᠨᠢᠭᠦᠯᠵᠦ᠂  ᠳᠠᠯᠳᠠ ᠭᠡᠮ ᠰᠣᠭᠤᠭ ᠢ 36 ᠪᠠᠶᠢᠴᠠᠭᠠᠵᠤ ᠢᠯᠡᠷᠡᠬᠦᠯᠵᠦ᠂  ᠵᠠᠭᠤᠷᠠᠯᠳᠤᠭᠠᠨ ᠤ ᠵᠥᠷᠢᠴᠡᠯ ᠢ 125 ᠨᠠᠮᠳᠠᠭᠤᠯᠵᠤ᠂ ᠨᠡᠭᠦᠳᠡᠯ ᠬᠥᠮᠦᠨ ᠠᠮᠠ ᠪᠣᠯᠤᠨ ᠭᠡᠷ ᠪᠠᠶᠢᠰᠢᠩ ᠲᠦᠷᠢᠶᠡᠰᠦᠯᠡᠬᠦ ᠮᠡᠳᠡᠭᠡ ᠵᠠᠩᠭᠢ ᠶᠢ 2700 ᠭᠠᠷᠤᠶ ᠴᠤᠭᠯᠠᠭᠤᠯᠵᠤ᠂ ᠬᠥᠳᠡᠭᠡ ᠲᠣᠰᠬᠤᠨ ᠤ ᠵᠡᠭᠡᠯᠢ ᠭᠤᠳᠤᠮᠵᠢ ᠳᠤ ᠴᠠᠭᠳᠠᠭ᠎ᠠ ᠶᠢᠨ ᠬᠠᠷᠠᠭᠳᠠᠬᠤ ᠨᠣᠷᠮ᠎ᠠ ᠢᠯᠡᠳᠲᠡ ᠳᠡᠭᠡᠭᠰᠢᠯᠡᠵᠡᠶ᠃ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠣᠯᠠᠪᠠ᠃ ︵ᠲᠤᠯᠤᠨᠠᠭᠤᠷ ᠰᠢᠶᠠᠨ ᠤ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠯᠢ ᠶᠤᠤ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ