ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠶᠤᠨᠲᠤ ᠦᠨᠡᠮᠯᠡᠯ ᠭᠦᠢᠴᠡᠳᠬᠡᠬᠦ ᠲᠢᠩᠬᠢᠮ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2020/12/7
     ᠣᠯᠠᠨ ᠲᠦᠮᠡᠨ ᠬᠢᠯᠢ ᠪᠠᠷ ᠣᠷᠤᠬᠤ ᠭᠠᠷᠬᠤ ᠦᠨᠡᠮᠯᠡᠯ ᠭᠦᠢᠴᠡᠳᠬᠡᠬᠦ ᠳᠤ ᠨᠠᠩ ᠳᠥᠭᠦᠮ ᠪᠣᠯᠪᠠ      — ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ      ᠲᠣᠪᠴᠢᠶ᠎ᠠ ᠶᠢᠨ ᠤᠶᠤᠨᠲᠤ ᠦᠨᠡᠮᠯᠡᠯ ᠭᠦᠢᠴᠡᠳᠬᠡᠬᠦ ᠲᠢᠩᠬᠢᠮ ᠵᠢᠩᠬᠢᠨᠢ ᠪᠠᠷ ᠠᠰᠢᠭᠯᠠᠯᠲᠠ ᠳᠤ ᠣᠷᠣᠪᠠ      12 ᠳ᠋ᠣᠭᠠᠷ ᠰᠠᠷ᠎ᠠ ᠶᠢᠨ 1 ᠤ ᠡᠳᠦᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠣᠯᠲᠠ ᠶᠢᠨ ᠲᠣᠪᠴᠢᠶ᠎ᠠ ᠶᠢᠨ ᠤᠶᠤᠨᠲᠤ ᠦᠨᠡᠮᠯᠡᠯ ᠭᠦᠢᠴᠡᠳᠬᠡᠬᠦ ᠲᠢᠩᠬᠢᠮ ᠪᠡᠯᠡᠳᠬᠡᠯ ᠠᠵᠢᠯ ᠢᠶᠠᠨ ᠶᠠᠭᠠᠷᠠᠯᠳᠠᠢ ᠬᠢᠵᠦ ᠳᠠᠭᠤᠰᠬᠠᠭᠠᠳ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠣᠯᠠᠨ ᠲᠦᠮᠡᠨ ᠲᠢᠩᠬᠢᠮ ᠳᠤ ᠬᠦᠷᠴᠦ ᠬᠢᠯᠢ ᠪᠠᠷ ᠣᠷᠤᠬᠤ ᠭᠠᠷᠬᠤ ᠦᠨᠡᠮᠯᠡᠯ ᠭᠤᠶᠤᠴᠢᠯᠠᠨ ᠠᠪᠬᠤ ᠪᠠ ᠰᠣᠯᠢᠵᠤ ᠨᠦᠬᠦᠬᠦ ᠭᠦᠢᠴᠡᠳᠬᠡᠯ ᠬᠢᠵᠦ ᠪᠣᠯᠤᠨ᠎ᠠ᠂ ᠦᠨᠡᠮᠯᠡᠯ ᠭᠦᠢᠴᠡᠳᠬᠡᠬᠦ ᠶᠠᠪᠤᠴᠠ 5 ᠮᠢᠨᠦ᠋ᠲ ᠠᠴᠠ ᠬᠡᠳᠦᠷᠡᠬᠦ ᠥᠬᠡᠶ᠃
     ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ︽ᠨᠢᠭᠡ ᠯᠡ ᠤᠳᠠᠭ᠎ᠠ ᠭᠦᠶᠦᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠯᠢ ᠪᠠᠷ ᠣᠷᠤᠬᠤ ᠭᠠᠷᠬᠤ ᠭᠠᠷᠳᠠᠮ ᠢ ᠭᠦᠢᠴᠡᠳᠭᠡᠬᠦ ᠴᠣᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠲᠤ ᠶᠡᠬᠡᠪᠡᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠤᠶᠤᠨᠴᠢᠯᠠᠭᠰᠠᠨ᠂ ᠠᠦ᠋ᠲ᠋ᠤ᠋ ᠦᠢᠯᠡᠴᠢᠯᠡᠭᠡ᠂ ᠨᠢᠭᠡ ᠥᠷᠲᠡᠭᠡ ᠮᠠᠶ᠋ᠢᠭ ᠤᠨ ᠬᠢᠯᠢ ᠪᠠᠷ ᠣᠷᠣᠵᠤ ᠭᠠᠷᠬᠤ ᠤᠶᠤᠨᠲᠤ ᠦᠨᠡᠮᠯᠡᠯ ᠭᠦᠢᠴᠡᠳᠬᠡᠬᠦ ᠲᠢᠩᠬᠢᠮ ᠢ ᠪᠠᠶᠢᠭᠤᠯᠪᠠ᠃
     ᠲᠣᠰ ᠲᠢᠩᠬᠢᠮ ᠨᠢ ᠬᠦᠲᠦᠯᠦᠨ ᠦᠢᠯᠡᠴᠢᠯᠡᠬᠦ ᠣᠷᠣᠨ᠂ ᠥᠪᠡᠷ ᠲᠤ ᠪᠠᠨ ᠦᠢᠯᠡᠴᠢᠯᠡᠬᠦ ᠣᠷᠣᠨ ᠪᠣᠯᠤᠨ ᠬᠢᠨᠠᠨ ᠰᠢᠯᠭᠠᠬᠤ ᠣᠷᠣᠨ ᠭᠡᠵᠦ ᠭᠤᠷᠪᠠᠨ ᠲᠣᠭᠤᠷᠢᠭ ᠬᠤᠪᠢᠶᠠᠵᠤ᠂ ᠤᠶᠤᠨᠲᠤ ᠬᠥᠲᠥᠯᠥᠨ ᠵᠢᠯᠣᠭᠤᠳᠬᠤ ᠮᠠᠰᠢᠨ᠂ ᠬᠢᠯᠢ ᠪᠠᠷ ᠣᠷᠤᠬᠤ ᠭᠠᠷᠬᠤ ᠶᠢ ᠣᠶᠣᠨᠲᠣ ᠬᠦᠯᠢᠶᠡᠨ ᠠᠪᠴᠤ ᠰᠢᠢᠳᠪᠦᠷᠢᠯᠡᠬᠦ‍ ᠨᠢᠭᠡ ᠴᠣᠭᠴᠠᠲᠣ ᠮᠠᠰᠢᠨ ᠪᠣᠯᠤᠨ ᠤᠶᠤᠨᠲᠤ ᠬᠢᠨᠠᠨ ᠰᠢᠯᠭᠠᠬᠤ ᠮᠠᠰᠢᠨ ᠵᠡᠷᠭᠡ ᠳᠡᠭᠡᠳᠦ ᠰᠢᠨ᠎ᠡ ᠮᠡᠷᠭᠡᠵᠢᠯ ᠤᠨ ᠲᠥᠬᠦᠭᠡᠷᠦᠮᠵᠢ ᠶᠢ ᠣᠭᠰᠠᠷᠠᠬᠤ ᠶᠢᠨ ᠬᠠᠮᠲᠤ ᠪᠠᠰᠠ ᠬᠥᠮᠦᠨ ᠤ ᠬᠦᠴᠦᠨ ᠤ ᠦᠢᠯᠡᠴᠢᠯᠡᠭᠡᠨ ᠤ ᠴᠣᠩᠬᠤ ᠭᠠᠷᠭᠠᠵᠤ᠂ ᠣᠯᠠᠨ ᠲᠦᠮᠡᠨ ᠬᠡᠷᠡᠭᠴᠡᠭᠡ ᠪᠠᠨ ᠦᠨᠳᠦᠰᠦᠯᠡᠨ ᠬᠠᠷᠠᠭᠠᠯᠵᠠᠭᠰᠠᠨ ᠦᠨᠡᠮᠯᠡᠯ ᠭᠦᠢᠴᠡᠳᠬᠡᠬᠦ ᠣᠷᠣᠨ ᠢ ᠰᠣᠩᠭᠤᠵᠤ ᠬᠡᠷᠡᠭᠯᠡᠵᠦ ᠪᠣᠯᠤᠨ᠎ᠠ᠃ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠲᠣᠪᠴᠢᠶ᠎ᠠ ᠶᠢᠨ ᠣᠶᠣᠨᠲᠣ ᠦᠨᠡᠮᠯᠡᠯ ᠭᠦᠢᠴᠡᠳᠬᠡᠬᠦ ᠲᠢᠩᠬᠢᠮ ᠤᠨ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠥᠪᠡᠷᠲᠡᠭᠡᠨ ᠵᠠᠰᠠᠬᠤ ᠣᠷᠣᠨ ᠤ ᠦᠨᠡᠮᠯᠡᠯ ᠭᠦᠢᠴᠡᠳᠬᠡᠬᠦ ᠰᠢᠨ᠎ᠡ ᠬᠡᠪ ᠵᠠᠭᠪᠤᠷ ᠢ ᠪᠣᠶ ᠪᠣᠯᠭᠠᠵᠣ᠂ ᠦᠨᠡᠮᠯᠡᠯ ᠢ ᠬᠦᠯᠢᠶᠡᠨ ᠠᠪᠴᠤ ᠰᠢᠢᠳᠪᠦᠷᠢᠯᠡᠬᠦ ᠪᠦᠬᠦ ᠶᠠᠪᠤᠴᠠ ᠳᠤ ᠲᠣᠭᠠᠴᠢᠯᠠᠬᠤ᠂ ᠲᠤᠬᠠᠶᠢᠯᠠᠭᠰᠠᠨ ᠠᠵᠢᠯ  ᠤᠨ ᠬᠦᠳᠦᠯᠦᠮᠵᠢ ᠶᠢ ᠨᠠᠷᠢᠯᠢᠭᠵᠢᠭᠤᠯᠬᠤ᠂ ᠲᠣᠨᠤᠭ ᠲᠥᠬᠦᠭᠡᠷᠦᠮᠵᠢ ᠶᠢ ᠣᠶᠤᠨᠴᠢᠯᠠᠬᠤ᠂ ᠦᠢᠯᠡᠴᠢᠯᠡᠭᠡᠨ ᠤ ᠣᠷᠴᠢᠨ ᠲᠣᠭᠤᠷᠢᠨ ᠢ ᠬᠥᠮᠥᠡᠯᠢᠭ ᠪᠣᠯᠭᠠᠬᠤ ᠶᠢ ᠪᠡᠶᠡᠯᠡᠭᠦᠯᠵᠦ᠂ ᠤᠯᠠᠨ ᠲᠦᠮᠡᠨ ᠤ ᠮᠥᠷᠯᠡᠬᠦ ᠂ ᠳᠠᠬᠢᠨᠲᠠ ᠵᠠᠮᠨᠠᠬᠤ᠂ ᠬᠦᠯᠢᠶᠡᠬᠦ ᠴᠠᠭ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠲᠠᠷᠠᠭᠠᠴᠢ ᠶᠢᠨ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠣᠯᠲᠠ ᠶᠢᠨ ᠲᠣᠪᠴᠢᠶ᠎ᠠ ᠪᠥᠬᠦ ᠣᠷᠣᠨ ᠳᠤ ᠲᠣᠰ ᠵᠠᠭᠪᠤᠷ ᠢ ᠠᠯᠬᠤᠮ ᠠᠯᠬᠤᠮ ᠢᠶᠠᠷ ᠦᠷᠭᠡᠳᠭᠡᠵᠦ᠂ ᠪᠥᠬᠦ ᠣᠷᠣᠨ ᠤ ᠬᠢᠯᠢ ᠪᠠᠷ ᠣᠷᠤᠬᠤ ᠭᠠᠷᠬᠤ ᠦᠢᠯᠡᠴᠢᠯᠡᠭᠡᠨ ᠤ ᠴᠤᠩᠬᠤᠪᠴᠢ ᠶᠢᠨ ᠴᠢᠳᠠᠪᠬᠢ ᠦᠢᠯᠡᠳᠦᠯ ᠬᠢᠭᠡᠳ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠪᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ