ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵4︶
ᠨᠡᠶᠢᠲᠡᠯᠡᠭᠰᠡᠨ ᠴᠠᠭ᠄
2020/2/27
ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵4︶    ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ      ᠠᠷᠪᠠᠨ ᠭᠤᠷᠪᠠᠳᠤᠭᠠᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠯᠪᠤᠭᠳᠠᠯ ᠪᠦᠬᠦᠢ ᠨᠡᠭᠡᠭᠡᠨ ᠠᠰᠢᠭᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠠᠭᠠᠨ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢᠨ ᠬᠡᠷᠡᠭᠴᠡᠭᠡ ᠶᠢ ᠭᠦᠢᠴᠡᠳ ᠪᠤᠳᠤᠯᠬᠢᠯᠠᠨ᠂ ᠲᠦᠯᠦᠪᠵᠢᠭᠦᠯᠭᠡ ᠶᠢᠨ ᠬᠡᠷᠡᠭᠵᠢᠭᠦᠯᠤᠯᠳᠠ ᠶᠢᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠳᠤ ᠦᠵᠡᠭᠦᠯᠵᠤ ᠮᠡᠳᠡᠬᠦ ᠪᠦᠬᠦ᠋ᠢᠯᠡ ᠴᠤᠭᠴᠠ ᠶᠢᠨ ᠨᠦᠯᠦᠭᠡ ᠶᠢ ᠵᠠᠳᠠᠯᠵᠦ᠂ ᠤᠷᠢᠳᠴᠢᠯᠠᠨ ᠵᠢᠱᠢᠬᠦ ᠪᠠ ᠦᠨᠡᠯᠡᠨ ᠵᠢᠱᠢᠵᠤ᠂ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠠᠴᠠ ᠪᠤᠯᠵᠤ ᠡᠭᠦᠰᠴᠦ ᠮᠡᠳᠡᠬᠦ ᠠᠰᠢᠭ ᠦᠭᠡᠢ ᠦᠷ᠎ᠡ ᠨᠦᠯᠦᠭᠡ ᠠᠴᠠ ᠵᠠᠶᠢᠯᠠᠰᠬᠢᠬᠦ ᠪᠤᠶᠤ ᠲᠡᠭᠦᠨ ᠢ ᠪᠠᠭᠠᠰᠬᠠᠬᠤ ᠬᠡᠷᠡᠭᠲᠡᠢ᠃      ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ ᠪᠦᠲᠦᠭᠡᠨ ᠪᠠᠶᠢᠭᠤᠯᠵᠤ ᠪᠤᠯᠬᠤ ᠦᠭᠡᠢ ᠭᠡᠵᠦ ᠲᠤᠭᠲᠠᠭᠠᠭᠰᠠᠨ ᠲᠦᠰᠦᠯ ᠤᠨ ᠵᠦᠢᠯᠡᠰ ᠢ ᠪᠦᠲᠦᠭᠡᠨ ᠪᠠᠶᠢᠭᠤᠯᠬᠤ ᠶᠢ ᠴᠠᠭᠠᠵᠠᠯᠠᠨ᠎ᠠ᠃ ᠨᠢᠰᠬᠡᠯ ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭᠠᠨ᠂ ᠪᠦᠰᠡᠯᠡᠭᠦᠷ ᠬᠠᠰᠢᠯᠭ᠎ᠠ᠂ ᠳᠠᠯᠠᠢ ᠶᠢ ᠬᠦᠷᠢᠶᠡᠯᠡᠨ ᠪᠦᠭᠯᠡᠬᠦ ᠵᠡᠷᠭᠡ ᠪᠦᠲᠦᠭᠡᠨ ᠪᠠᠶᠢᠭᠤᠯᠬᠤ ᠲᠦᠰᠦᠯ ᠤᠨ ᠵᠦᠢᠯᠡᠰ ᠤᠨ ᠪᠠᠶᠢᠷᠢ ᠪᠤᠯᠤᠨ ᠵᠠᠮ ᠱᠤᠭᠤᠮ ᠢ ᠰᠤᠩᠭᠤᠬᠤ ᠳᠠᠭᠠᠨ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠠᠴᠠ ᠵᠠᠶᠢᠯᠠᠰᠬᠢᠬᠦ ᠬᠡᠷᠡᠭᠲᠡᠢ︔ ᠵᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠭᠡᠭᠡᠷ᠎ᠡ ᠶᠢᠨ ᠠᠮᠢᠲᠠᠨ ᠤ ᠦᠡᠭᠭᠡᠷᠡᠭᠦ ᠵᠠᠮ᠂ ᠵᠢᠭᠠᠰᠤ ᠦᠡᠭᠭᠡᠷᠡᠬᠦ ᠲᠦᠬᠦᠭᠡᠷᠦᠮᠵᠢ ᠶᠢ ᠵᠠᠰᠠᠵᠤ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠭᠡᠭᠡᠷ᠎ᠡ ᠶᠢᠨ ᠠᠮᠢᠲᠠᠨ ᠳᠤ ᠦᠵᠡᠭᠦᠯᠬᠦ ᠠᠰᠢᠭ ᠦᠭᠡᠢ ᠨᠦᠯᠦᠭᠡ ᠶᠢ ᠠᠷᠢᠯᠭᠠᠬᠤ ᠪᠤᠶᠤ ᠪᠠᠭᠠᠰᠬᠠᠬᠤ ᠬᠡᠷᠡᠭᠲᠡᠢ᠃      ᠪᠦᠲᠦᠭᠡᠨ ᠪᠠᠶᠢᠭᠤᠯᠬᠤ ᠲᠦᠰᠦᠯ ᠤᠨ ᠵᠦᠢᠯᠡᠰ ᠨᠢ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠢ ᠨᠦᠯᠦᠭᠡᠯᠡᠵᠤ ᠮᠡᠳᠡᠭᠦ ᠳᠤ ᠬᠦᠷᠪᠡᠯ᠂ ᠤᠷᠴᠢᠨ ᠠᠬᠤᠢ ᠶᠢᠨ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠷᠴᠢᠨ ᠠᠬᠤᠢ ᠶᠢᠨ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠦᠪᠰᠢᠶᠡᠷᠡᠬᠦ ᠳᠡᠭᠡᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ︔ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ᠃      ᠠᠷᠪᠠᠨ ᠳᠦᠷᠪᠡᠳᠦᠭᠡᠷ ᠵᠦᠢᠯ   ᠡᠯ᠎ᠡ ᠱᠠᠲᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠡᠭᠡᠷ᠎ᠡ ᠶᠢᠨ ᠠᠮᠢᠲᠠᠨ ᠳᠤ ᠦᠵᠡᠭᠦᠯᠬᠦ ᠤᠷᠴᠢᠨ ᠠᠬᠤᠢ ᠶᠢᠨ ᠨᠦᠯᠦᠭᠡ ᠶᠢ ᠬᠢᠨᠠᠨ ᠠᠵᠢᠭᠯᠠᠬᠤ ᠪᠠ ᠬᠢᠨᠠᠨ ᠬᠡᠮᠵᠢᠬᠦ ᠬᠡᠷᠡᠭᠲᠡᠢ᠃ ᠤᠷᠴᠢᠨ ᠠᠬᠤᠢ ᠶᠢᠨ ᠨᠦᠯᠦᠭᠡ ᠠᠴᠠ ᠪᠤᠯᠵᠤ ᠭᠡᠭᠡᠷ᠎ᠡ ᠶᠢᠨ ᠠᠮᠢᠲᠠᠨ ᠳᠤ ᠬᠤᠤᠷ ᠬᠦᠨᠦᠭᠡᠯ ᠤᠴᠠᠷᠠᠭᠤᠯᠬᠤ ᠦᠶ᠎ᠡ ᠳᠤ᠂ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ   ᠤᠯᠤᠰ ᠤᠨ ᠪᠤᠶᠤ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠠᠶᠢᠭᠠᠯᠢ ᠶᠢᠨ ᠭᠠᠮᠰᠢᠭ᠂ ᠤᠷᠴᠢᠨ ᠠᠬᠤᠢ ᠶᠢ ᠪᠤᠬᠢᠷᠳᠤᠭᠤᠯᠤᠭᠰᠠᠨ ᠬᠦᠨᠳᠦ ᠶᠡᠭᠡ ᠠᠳᠡᠯ ᠵᠡᠷᠭᠡ ᠬᠡᠨᠡᠳᠳᠡ ᠶᠢᠨ ᠬᠡᠷᠡᠭ ᠤᠨ ᠰᠦᠷᠳᠡᠭᠦᠯᠦᠯ ᠳᠤ ᠤᠴᠠᠷᠠᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃      ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠨᠡᠷ᠎ᠡ ᠪᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠤᠳᠠᠯᠳᠤᠭᠠᠯᠠᠬᠤ ᠶᠢ ᠴᠠᠭᠠᠵᠠᠯᠠᠨ᠎ᠠ᠃      ᠠᠷᠪᠠᠨ ᠵᠢᠷᠭᠤᠳᠤᠭᠠᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠰᠤᠷᠪᠤᠯᠵᠢ ᠬᠢᠵᠢᠭ ᠡᠪᠡᠳᠴᠢᠨ ᠳᠤ ᠬᠢᠨᠠᠨ ᠬᠡᠮᠵᠢᠯᠲᠡ ᠬᠢᠵᠦ᠂ ᠤᠷᠢᠳᠴᠢᠯᠠᠨ ᠵᠢᠱᠢᠬᠦ᠂ ᠤᠷᠢᠳᠴᠢᠯᠠᠨ ᠮᠡᠳᠡᠭᠡᠯᠡᠬᠦ ᠵᠡᠷᠭᠡ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠶᠢᠨ ᠬᠠᠮᠲᠤ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠡᠯᠡᠳᠬᠡᠯ ᠲᠦᠰᠦᠯ ᠲᠤᠭᠲᠠᠭᠠᠵᠤ᠂ ᠠᠳᠠᠯᠢ ᠱᠠᠲᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠤ ᠵᠦᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠢ      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠬᠦᠮᠦᠨ ᠮᠠᠯ ᠳᠤ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠲᠠᠢ ᠬᠤᠯᠪᠤᠭᠳᠠᠭᠰᠠᠨ ᠠᠮᠢᠲᠠᠨ ᠤ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠵᠠᠰᠠᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃      ᠠᠷᠪᠠᠨ ᠲᠤᠯᠤᠳᠤᠭᠠᠷ ᠵᠦᠢᠯ   ᠤᠯᠤᠰ ᠠᠴᠠ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠳᠤ ᠠᠪᠤᠷᠠᠯᠲᠠ ᠶᠢᠨ ᠴᠢᠨᠠᠷᠲᠠᠢ ᠬᠠᠮᠠᠭᠠᠯᠠᠯᠲᠠ ᠬᠢᠨ᠎ᠡ᠃      ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠦᠯᠦᠪᠵᠢᠭᠦᠯᠭᠡ ᠲᠤᠭᠲᠠᠭᠠᠵᠤ᠂ ᠤᠯᠤᠰ ᠤᠨ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠶᠢ ᠪᠠᠶᠢᠭᠤᠯᠵᠤ᠂ ᠮᠠᠨ ᠤ ᠤᠯᠤᠰ ᠤᠨ ᠤᠭ ᠭᠠᠷᠤᠯ ᠲᠠᠢ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ   ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ᠂ ᠭᠡᠭᠡᠷ᠎ᠡ ᠶᠢᠨ ᠠᠮᠢᠲᠠᠨ ᠤ ᠤᠴᠠᠷᠠᠭᠤᠯᠵᠤ ᠮᠡᠳᠡᠬᠦ ᠬᠤᠤᠷ ᠬᠦᠨᠦᠭᠡᠯ ᠢ ᠰᠡᠷᠬᠡᠶᠢᠯᠡᠨ ᠬᠤᠷᠢᠭᠯᠠᠵᠤ᠂ ᠬᠦᠮᠦᠨ ᠮᠠᠯ ᠤᠨ ᠠᠮᠤᠷ ᠲᠦᠪᠰᠢᠨ ᠪᠠ ᠲᠠᠷᠢᠶᠠᠯᠠᠩ᠂ ᠤᠢ ᠰᠢᠭᠤᠢ ᠶᠢᠨ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃      ᠠᠷᠪᠠ ᠶᠢᠰᠦᠳᠦᠭᠡᠷ ᠵᠦᠢᠯ   ᠲᠤᠰ ᠬᠠᠤᠯᠢ ᠳᠤ ᠬᠠᠮᠠᠭᠠᠯᠠᠬᠤ ᠪᠠᠷ ᠲᠤᠭᠲᠠᠭᠠᠭᠰᠠᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠤᠯᠵᠤ᠂ ᠬᠦᠮᠦᠨ ᠢ ᠦᠭᠦᠭᠦᠯᠵᠦ ᠰᠢᠷᠬᠠᠲᠤᠭᠤᠯᠤᠭᠰᠠᠨ᠂ ᠲᠠᠷᠢᠮᠠᠯ ᠤᠨ ᠵᠦᠢᠯ ᠪᠤᠶᠤ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠨᠦᠬᠦᠪᠦᠷᠢ ᠦᠭᠭᠦᠨ᠎ᠡ᠃ ᠪᠤᠳᠠᠲᠠᠢ ᠠᠷᠭ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠨ᠎ᠠ᠃      ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠳᠠᠭᠠᠳᠬᠠᠯ ᠤᠨ ᠪᠠᠶᠢᠭᠤᠯᠤᠮᠵᠢ ᠶᠢᠨ ᠭᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠤᠭᠰᠠᠨ ᠲᠦᠯᠦᠪᠦᠷᠢ ᠶᠢᠨ ᠲᠠᠭᠠᠳᠬᠠᠯ ᠤᠨ ᠲᠤᠬᠠᠶᠢᠯᠠᠭᠰᠠᠨ ᠠᠵᠢᠯ ᠦᠷᠨᠢᠭᠦᠯᠬᠦ ᠶᠢ ᠠᠬᠢᠭᠤᠯᠵᠤ ᠪᠤᠯᠤᠨ᠎ᠠ᠃ ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠬᠤᠤᠷ ᠬᠦᠨᠦᠭᠡᠯ ᠤᠴᠠᠷᠠᠭᠤᠯᠬᠤ ᠶᠢ ᠰᠡᠷᠬᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠵᠢᠴᠢ ᠨᠦᠬᠦᠪᠦᠷᠢ ᠦᠭᠭᠦ ᠶᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠳᠤ ᠲᠦᠪ ᠤᠨ ᠡᠳ᠋ ᠤᠨ ᠵᠠᠰᠠᠭ ᠠᠴᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠨᠦᠬᠦᠪᠦᠷᠢ ᠦᠭᠭᠦᠨ᠎ᠡ᠃
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ