ᠡᠭᠡᠯᠵᠢᠨ ᠨᠢᠰᠭᠡᠯ ᠢᠶᠠᠷ ᠬᠢᠯᠢ ᠤᠷᠤᠵᠤ ᠢᠷᠡᠭᠰᠡᠳ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠲᠤᠬᠠᠢ
ᠨᠡᠶᠢᠲᠡᠯᠡᠭᠰᠡᠨ ᠴᠠᠭ᠄
2020/3/30
       ᠡᠭᠡᠯᠵᠢᠨ ᠨᠢᠰᠭᠡᠯ ᠢᠶᠠᠷ ᠬᠢᠯᠢ ᠤᠷᠤᠵᠤ ᠢᠷᠡᠭᠰᠡᠳ ᠤᠨ ᠰᠢᠨ᠎ᠡ ᠲᠢᠳᠢᠮᠯᠢᠭ        ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠲᠤᠬᠠᠢ        ᠬᠦᠳᠦᠯᠦᠭᠴᠢ ︵ᠯᠢ ᠪᠢᠩ ᠱᠧᠩ︶᠄      3 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ 7 ᠡᠭᠡᠯᠵᠢᠨ ᠨᠢᠰᠭᠡᠯ᠂ 1352 ᠠᠶᠠᠨᠴᠢᠨ ︵ᠲᠤᠮᠳᠠᠳᠤ ᠤᠯᠤᠰ ᠤᠨ ᠬᠠᠷᠢᠶᠠᠳᠣ 1294 ᠬᠦᠮᠦᠨ ᠂ ᠭᠠᠳᠠᠭᠠᠳᠣ ᠶᠢᠨ ᠬᠠᠷᠢᠶᠠᠳᠣ 58 ᠬᠦᠮᠦᠨ︶ ᠢ ᠰᠢᠢᠳᠪᠦᠷᠢᠯᠡᠬᠦ ᠪᠠᠳᠣᠯᠠᠭ᠎ᠠ ᠶᠢᠨ ᠡᠭᠦᠷᠭᠡ ᠶᠢ ᠤᠷᠤᠭᠰᠢᠳᠠᠢ ᠪᠠᠶᠠᠯᠠᠭᠦᠯᠵᠦ᠂ ᠬᠦᠬᠡᠬᠤᠳᠠ ᠳᠤ 1314 ᠬᠦᠮᠦᠨ ᠢ ᠲᠤᠰᠠᠭᠠᠷᠯᠠᠵᠤ᠂ ᠲᠤᠰᠠᠭᠠᠷᠯᠠᠬᠤ ᠨᠤᠷᠮ᠎ᠠ ᠨᠢ 97.19% ᠪᠤᠯᠤᠨ᠎ᠠ᠃ ᠲᠤᠮᠳᠠ ᠠᠴᠠ ᠨᠢ ᠰᠢᠭᠰᠢᠨ ᠪᠠᠶᠢᠴᠠᠭᠠᠭᠠᠳ ᠰᠢᠨ᠎ᠡ ᠲᠢᠳᠢᠮᠯᠢᠭ ᠠᠭᠤᠰᠭᠢᠨ ᠦᠷᠪᠢᠰᠦᠯ ᠢᠶᠠᠷ ᠤᠨᠤᠰᠢᠯᠠᠭᠰᠠᠨ 2 ᠡᠪᠡᠳᠴᠢᠳᠠᠨ᠂ 10 ᠰᠡᠵᠢᠭᠳᠡᠢ ᠡᠪᠡᠳᠴᠢᠳᠡᠨ ᠢ ᠢᠯᠡᠷᠡᠭᠦᠯᠵᠦ᠂ ᠴᠦᠮ ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠪᠡ᠃      ᠰᠣᠷᠪᠤᠯᠵᠢᠯᠠᠭᠴᠢ᠄ ᠤᠶᠢᠷ᠎ᠠ ᠶᠢᠨ ᠬᠤᠭᠤᠴᠠᠭᠠᠨ ᠳᠤ᠂ ᠵᠤᠷᠢᠭᠰᠠᠨ ᠭᠠᠵᠠᠷ ᠨᠢ ᠪᠡᠭᠡᠵᠢᠩ ᠤᠨ ᠬᠢᠯᠢ ᠪᠠᠷ ᠤᠷᠤᠬᠤ ᠡᠭᠡᠯᠵᠢᠨ ᠨᠢᠰᠭᠡᠯ ᠤᠯᠠᠰᠢᠷᠠᠬᠤ ᠶᠢ ᠲᠠᠭᠠᠯᠳᠤᠨ᠂ ᠬᠦᠬᠡᠬᠤᠳᠠ ᠪᠤᠭᠤᠮᠳᠠ ᠳᠤ ᠬᠠᠨᠳᠣᠯᠭᠠᠳᠣ ᠴᠢᠨᠠᠷᠳᠠᠢ ᠠᠷᠭ᠎ᠠ ᠬᠡᠮᠵᠢᠶ᠎ᠡ ᠪᠠᠶᠢᠨ᠎ᠠ ᠤᠤ ᠦᠭᠡᠢ ᠤᠤ︖      ᠬᠦᠬᠡᠬᠤᠳᠠ ᠶᠢᠨ ᠪᠤᠭᠤᠮᠳᠠ ᠶᠢᠨ ᠲᠡᠳ᠋ ᠲᠠᠷᠤᠭ᠎ᠠ ᠯᠦ ᠶᠠᠩ᠄ ᠨᠢᠭᠡ ᠳᠤ ᠬᠢᠯᠢ ᠳᠤ ᠤᠷᠤᠵᠤ ᠢᠷᠡᠬᠦ ᠡᠭᠡᠯᠵᠢᠨ ᠨᠢᠰᠭᠡᠯ ᠤᠨ ᠬᠢᠨᠠᠯᠳᠠ ᠬᠠᠮᠢᠶᠠᠷᠤᠯᠳᠠ ᠶᠢ ᠴᠢᠩᠭ᠎ᠠ ᠪᠠᠳᠣᠯᠠᠨ᠎ᠠ᠃ ᠬᠤᠶᠠᠷ ᠲᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠭᠤᠷᠪᠠ ᠳᠤ ᠡᠷᠡᠭᠦᠯ ᠡᠩᠭᠡ ᠶᠢᠨ ᠮᠡᠳᠡᠭᠦᠯᠦᠯᠳᠡ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠦᠷᠪᠡ ᠳᠤ ︽ᠭᠤᠷᠪᠠ ᠶᠢ ᠪᠠᠶᠢᠴᠠᠭᠠᠬᠤ᠂ ᠭᠤᠷᠪᠠ ᠶᠢ ᠵᠢᠭᠰᠠᠭᠠᠬᠤ᠂ ᠨᠢᠭᠡ ᠶᠢ ᠲᠠᠮᠵᠢᠭᠤᠯᠤᠨ ᠲᠡᠭᠡᠭᠡᠪᠦᠷᠢᠯᠡᠬᠦ︾ ᠬᠢᠵᠢᠭ ᠪᠠᠶᠢᠴᠠᠭᠠᠬᠤ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠳᠡᠢ᠃ ᠲᠠᠪᠤ ᠳᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠶᠢ ᠴᠢᠩᠭᠠᠳᠬᠠᠨ᠎ᠠ᠃      ᠰᠣᠷᠪᠤᠯᠵᠢᠯᠠᠭᠴᠢ᠄ ᠬᠢᠯᠢ ᠶᠢᠨ ᠪᠠᠶᠢᠴᠠᠭᠠᠯᠳᠠ ᠪᠤᠯ ᠬᠢᠯᠢ ᠳᠤ ᠤᠷᠤᠬᠤ ᠶᠢᠨ ᠪᠠᠶᠢᠴᠠᠭᠠᠨ ᠰᠢᠯᠭᠠᠬᠤ ᠶᠢᠨ ᠴᠢᠬᠤᠯᠠ ᠵᠠᠩᠭᠢᠯᠠᠭ᠎ᠠ ᠪᠤᠯᠤᠨ᠎ᠠ᠂ ᠬᠢᠯᠢ ᠶᠢᠨ ᠪᠠᠶᠢᠴᠠᠭᠠᠯᠳᠠ ᠶᠢᠨ ᠰᠠᠯᠠᠭ᠎ᠠ ᠮᠦᠴᠢᠷ ᠡᠭᠡᠯᠵᠢᠨ ᠨᠢᠰᠭᠡᠯ ᠢ ᠰᠢᠢᠳᠪᠦᠷᠢᠯᠡᠨ ᠲᠤᠬᠢᠷᠠᠭᠤᠯᠬᠤ ᠪᠠᠳᠣᠯᠠᠭ᠎ᠠ ᠶᠢᠨ ᠡᠭᠦᠷᠭᠡ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖      ᠦᠪᠦᠷ ᠮᠤᠩᠭᠤᠯ ᠤᠨ ᠬᠢᠯᠢ ᠪᠠᠷ ᠭᠠᠷᠬᠤ ᠤᠷᠤᠬᠤ ᠬᠢᠯᠢ ᠶᠢᠨ ᠪᠠᠶᠢᠴᠠᠭᠠᠯᠳᠠ ᠶᠢᠨ ᠶᠡᠷᠥᠩᠬᠡᠢ ᠦᠷᠳᠡᠭᠡᠨ ᠤ ᠲᠠᠷᠤᠭ᠎ᠠ ᠯᠢᠦ ᠲᠤᠩ ᠰᠢᠶᠠᠩ᠄ ᠨᠢᠭᠡ ᠳᠤ ᠲᠤᠮᠤ ᠳ᠋ᠡᠶᠢᠲ᠋ᠠ ᠶᠢᠨ ᠵᠠᠳᠠᠯᠤᠯᠳᠠ ᠪᠠ ᠰᠣᠳᠣᠯᠣᠨ ᠮᠠᠭᠠᠳᠯᠠᠯᠳᠠ ᠶᠢ ᠰᠠᠶᠢᠳᠤᠷ ᠬᠢᠨ᠎ᠡ᠃ ᠬᠤᠶᠠᠷ ᠲᠤ ᠬᠢᠯᠢ ᠪᠠᠷ ᠤᠷᠤᠵᠤ ᠢᠷᠡᠬᠦ ᠬᠦᠮᠦᠰ ᠤᠨ ᠪᠠᠶᠢᠴᠠᠭᠠᠨ ᠬᠢᠨᠠᠬᠤ ᠶᠢ ᠴᠢᠩᠭᠠᠳᠬᠠᠨ᠎ᠠ᠃ ᠭᠤᠷᠪᠠ ᠳᠤ ᠬᠢᠯᠢ ᠶᠢᠨ ᠪᠠᠶᠢᠴᠠᠭᠠᠯᠳᠠ ᠶᠢᠨ ᠪᠤᠭᠤᠮᠳᠠ ᠪᠠᠷ ᠦᠩᠭᠡᠷᠡᠬᠦ ᠦᠢᠯᠡᠴᠢᠯᠡᠭᠡ ᠶᠢ ᠴᠢᠩᠭᠠᠳᠬᠠᠨ᠎ᠠ᠃      ᠰᠣᠷᠪᠤᠯᠵᠢᠯᠠᠭᠴᠢ᠄ ᠬᠤᠪᠢᠶᠠᠷᠢᠯᠠᠭᠰᠠᠨ ᠡᠭᠡᠯᠵᠢᠨ ᠨᠢᠰᠭᠡᠯ ᠬᠦᠬᠡᠬᠤᠳᠠ ᠶᠢᠨ ᠨᠢᠰᠭᠡᠯ ᠤᠨ ᠪᠠᠭᠤᠳᠠᠯ ᠢᠶᠠᠷ ᠬᠢᠯᠢ ᠳᠤ ᠤᠷᠤᠨ᠎ᠠ᠂ ᠬᠠᠮᠢᠶ᠎ᠠ ᠪᠦᠬᠦᠢ ᠰᠢᠢᠳᠪᠦᠷᠢᠯᠡᠬᠦ ᠠᠵᠢᠯ ᠤᠨ ᠤᠯᠠᠩᠬᠢ ᠨᠢ ᠨᠢᠰᠭᠡᠯ ᠤᠨ ᠪᠠᠭᠤᠳᠠᠯ ᠳᠤ ᠶᠠᠪᠤᠭᠳᠠᠨ᠎ᠠ᠂ ᠨᠢᠰᠭᠡᠯ ᠤᠨ ᠪᠠᠭᠤᠳᠠᠯ ᠪᠠᠳᠣᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠡᠯᠡᠳᠭᠡᠯ ᠬᠢᠭᠰᠡᠨ ᠪᠤᠢ︖      ᠦᠪᠦᠷ ᠮᠤᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠤᠨ ᠪᠦᠯᠦᠭᠯᠡᠯ ᠤᠨ ᠶᠡᠷᠥᠩᠬᠡᠢ ᠲᠠᠭᠠᠭᠠᠮᠠᠯ ᠴᠧᠨ ᠵᠢᠶᠠᠨ ᠵᠢᠶᠦ᠋ᠨ᠄ ᠬᠦᠬᠡᠬᠤᠳᠠ ᠶᠢᠨ ᠨᠢᠰᠭᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢᠨ ᠨᠢᠰᠭᠡᠯ ᠤᠨ ᠪᠠᠳᠣᠯᠠᠭ᠎ᠠ ᠶᠢᠨ ᠠᠵᠢᠯ ᠳᠤ ᠤᠷᠤᠯᠴᠠᠭᠰᠠᠨ ᠪᠤᠢ ᠪᠦᠬᠦᠢ ᠠᠵᠢᠯᠳᠠᠳ  ᠲᠤ ᠴᠦᠮ ᠪᠢᠳᠡᠭᠦᠮᠵᠢᠯᠡᠯ ᠤᠨ ᠮᠠᠶ᠋ᠢᠭ ᠤᠨ ᠬᠠᠮᠢᠶᠠᠷᠤᠯᠳᠠ ᠶᠢ ᠬᠡᠷᠡᠭᠵᠢᠭᠦᠯᠵᠦ᠂ ᠠᠵᠢᠯᠯᠠᠵᠤ ᠪᠠᠶᠢᠬᠤ ᠬᠤᠭᠤᠴᠠᠭᠠᠨ ᠳᠤ ᠪᠠᠨ ᠠᠵᠢᠯ ᠤᠨ ᠪᠠᠶᠢᠷᠢ ᠶᠢᠨ ᠵᠢᠭᠠᠨ ᠲᠤᠭᠳᠠᠭᠠᠭᠰᠠᠨ ᠤᠷᠤᠨ ᠭᠠᠵᠠᠷ ᠲᠤ ᠠᠵᠢᠯᠯᠠᠬᠤ ᠶᠢᠨ ᠬᠠᠮᠳᠣ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠵᠢᠭᠠᠨ ᠲᠤᠭᠳᠠᠭᠠᠭᠰᠠᠨ ᠲᠦᠷ ᠴᠠᠭ ᠤᠨ ᠠᠮᠠᠷᠠᠯᠳᠠ  ᠶᠢᠨ ᠤᠷᠤᠨ ᠳᠤ ᠠᠮᠠᠷᠠᠨ᠎ᠠ᠃ ᠠᠵᠢᠯ ᠤᠨ ᠪᠤᠰᠣ ᠬᠤᠭᠤᠴᠠᠭᠠᠨ ᠳᠤ ᠨᠢᠭᠡᠳᠦᠯᠳᠡᠢ ᠲᠤᠰᠠᠭᠠᠷᠯᠠᠵᠤ᠂ ᠵᠢᠭᠠᠨ ᠲᠤᠭᠳᠠᠭᠠᠭᠰᠠᠨ ᠲᠤᠰᠬᠠᠢ ᠵᠤᠴᠢᠳ ᠤᠨ ᠪᠠᠭᠤᠳᠠᠯ ᠳᠤ ᠬᠦᠷᠴᠦ ᠠᠮᠠᠷᠠᠨ᠂ ᠲᠤᠰᠬᠠᠢ ᠲᠡᠷᠭᠡ ᠪᠠᠷ ᠲᠤᠰᠬᠠᠢ ᠭᠠᠵᠠᠷ ᠤᠷᠤᠨ ᠳᠤ ᠲᠤᠰᠴᠤ ᠬᠦᠷᠭᠡᠨ᠎ᠡ᠃ ᠡᠷᠭᠡᠪᠰᠢ ᠪᠤᠰᠣᠳ ᠬᠦᠮᠦᠰ ᠤᠨ ᠤᠨᠴᠠᠭᠠᠢ ᠪᠠᠳᠣᠯᠠᠭ᠎ᠠ ᠶᠢᠨ ᠲᠤᠰᠬᠠᠢ ᠤᠷᠤᠨ ᠳᠤ ᠤᠷᠤᠬᠤ ᠶᠢ ᠴᠢᠩᠭ᠎ᠠ ᠬᠢᠵᠠᠭᠠᠷᠯᠠᠵᠤ᠂ ᠤᠨᠴᠠᠭᠠᠢ ᠪᠠᠳᠣᠯᠠᠭ᠎ᠠ ᠶᠢᠨ ᠲᠤᠰᠬᠠᠢ ᠤᠷᠤᠨ ᠤ ᠠᠵᠢᠯ ᠤᠨ ᠪᠠᠶᠢᠷᠢ ᠳᠤ ᠪᠠᠶᠢᠭ᠎ᠠ ᠬᠦᠮᠦᠰ ᠤᠨᠴᠠᠭᠠᠢ ᠪᠠᠳᠣᠯᠠᠭ᠎ᠠ ᠶᠢᠨ ᠲᠤᠰᠬᠠᠢ ᠤᠷᠤᠨ ᠳᠤ ᠤᠷᠤᠵᠤ ᠭᠠᠷᠬᠤ ᠤᠳᠠᠭ᠎ᠠ ᠪᠠᠨ ᠪᠠᠭᠠᠰᠬᠠᠬᠤ ᠬᠡᠷᠡᠭᠳᠡᠢ᠃      ᠰᠣᠷᠪᠤᠯᠵᠢᠯᠠᠭᠴᠢ᠄ ᠬᠤᠪᠢᠶᠠᠷᠢᠯᠠᠭᠰᠠᠨ ᠡᠭᠡᠯᠵᠢᠨ ᠨᠢᠰᠭᠡᠯ ᠤᠨ ᠲᠠᠮᠵᠢᠭᠤᠯᠤᠨ ᠲᠡᠭᠡᠭᠡᠪᠦᠷᠢᠯᠡᠬᠦ ᠶᠢ ᠲᠤᠰᠠᠭᠠᠷᠯᠠᠭᠰᠠᠨ᠂ ᠬᠠᠷᠢᠶ᠎ᠠ ᠭᠠᠵᠠᠷ ᠤᠨ ᠪᠠᠳᠣᠯᠠᠭ᠎ᠠ ᠪᠠ ᠬᠠᠮᠢᠶᠠᠷᠤᠨ ᠡᠵᠡᠮᠳᠡᠵᠦ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖       ᠬᠦᠬᠡᠬᠤᠳᠠ ᠶᠢᠨ ᠲᠡᠳ᠋ ᠲᠠᠷᠤᠭ᠎ᠠ ᠯᠦᠸᠧ ᠴᠢᠩ᠄ ᠨᠢᠭᠡ ᠳᠤ ᠠᠵᠢᠯ ᠤᠨ ᠬᠦᠴᠦᠨ ᠢᠶᠠᠨ ᠴᠢᠩᠭ᠎ᠠ ᠲᠤᠬᠢᠷᠠᠭᠤᠯᠤᠨ᠎ᠠ᠃ ᠬᠤᠶᠠᠷ ᠲᠤ ᠠᠵᠢᠯ ᠤᠨ ᠶᠠᠪᠤᠴᠠ  ᠶᠢ ᠨᠠᠷᠢᠯᠢᠭᠵᠢᠭᠤᠯᠤᠨ᠎ᠠ᠃ ᠭᠤᠷᠪᠠ ᠳᠤ ᠬᠠᠷᠢᠶ᠎ᠠ ᠭᠠᠵᠠᠷ ᠲᠤᠨᠢ ᠪᠦᠬᠦ ᠬᠦᠴᠦᠨ ᠢᠶᠠᠷ ᠢᠶᠠᠨ ᠪᠠᠳᠣᠯᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ