ᠳᠣᠲᠣᠭᠠᠳᠤ ᠶᠢ ᠬᠠᠮᠠᠭᠠᠯᠠᠬᠤ ᠶᠠᠮᠤᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠣᠭᠤᠯᠪᠠ | | | ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ | ᠲᠥᠯᠥᠭᠡ᠂ ᠣᠶᠢᠷ᠎ᠠ ᠳᠤ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 157 ᠳ᠋ᠤᠭᠠᠷ ᠲᠣᠭᠠᠲᠤ︶ ᠳᠤ ᠵᠠᠰᠠᠪᠤᠷᠢ | ᠣᠷᠣᠭᠤᠯᠵᠤ᠂ ᠰᠢᠨ᠎ᠡ ︽ ᠵᠢᠷᠤᠮ ᠤᠨ ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ | ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠠᠶᠢᠯᠭᠠᠬᠤ ᠶᠢ | ᠠᠬᠢᠭᠤᠯᠬᠤ ᠪᠠᠷ ᠵᠣᠭᠰᠣᠴᠠ ᠪᠣᠯᠭᠠᠵᠤ᠂ ︽ᠵᠢᠷᠤᠮ ᠤᠨ ᠲᠣᠭᠲᠠᠭᠠᠯ︾ ᠳᠤ 6 ᠲᠠᠯ᠎ᠠ ᠶᠢᠨ ᠠᠭᠤᠯᠭ᠎ᠠ ᠳᠤ ᠭᠤᠤᠯᠳᠠᠯᠭ᠎ᠠ ᠲᠠᠢ ᠵᠠᠰᠠᠪᠤᠷᠢ ᠣᠷᠣᠭᠤᠯᠪᠠ᠄ | ᠨᠢᠭᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠥᠮᠦᠨ ᠮᠣᠵᠢ ᠠᠯᠣᠰᠯᠠᠨ ᠣᠨᠳᠣᠤ ᠭᠠᠵᠠᠷ ᠲᠤ ᠲᠣᠬᠠᠢ ᠶᠢᠨ | ᠭᠠᠵᠠᠷ ᠠᠴᠠ ᠪᠣᠰᠣᠳ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠵᠦ ᠪᠣᠯᠤᠨ᠎ᠠ᠃ | ᠬᠤᠶᠠᠷ ᠲᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠮᠡᠳᠡᠭᠳᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | | ᠭᠤᠷᠪᠠ ᠳᠤ᠂ ᠡᠯᠧᠺᠲᠷᠣᠨ ᠢᠶᠠᠷ ᠬᠦᠷᠭᠡᠬᠦ ᠪᠠ ᠠᠯᠪᠠᠨ ᠵᠠᠷ ᠢᠶᠠᠷ ᠬᠦᠷᠭᠡᠬᠦ ᠵᠢᠷᠤᠮ ᠢ ᠨᠡᠮᠡᠪᠡ᠃ | ᠲᠦᠷᠪᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠪᠡ᠃ | ᠲᠠᠪᠤ ᠳᠤ᠂ ᠮᠡᠳᠡᠭᠡ ᠵᠠᠩᠭᠢ ᠶᠢ ᠰᠢᠯᠵᠢᠭᠦᠯᠬᠦ ᠲᠦᠷᠢᠮ ᠢ ᠲᠣᠭᠲᠠᠭᠠᠪᠠ᠃ | ᠵᠢᠷᠭᠤᠭ᠎ᠠ ᠳᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠣᠭᠲᠠᠭᠠᠯ ᠢ ᠨᠡᠮᠡᠪᠡ᠃ |