ᠳᠣᠲᠣᠭᠠᠳᠤ ᠶᠢ ᠬᠠᠮᠠᠭᠠᠯᠠᠬᠤ ᠶᠠᠮᠤᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2020/5/6
           ᠳᠣᠲᠣᠭᠠᠳᠤ ᠶᠢ ᠬᠠᠮᠠᠭᠠᠯᠠᠬᠤ ᠶᠠᠮᠤᠨ ︽ᠵᠠᠮ ᠬᠠᠷᠢᠯᠴᠠᠭᠠᠨ ᠤ            ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ            ᠰᠢᠢᠳᠪᠦᠷᠢᠯᠡᠬᠦ ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠣᠭᠤᠯᠪᠠ      ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 157 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ᠂ ᠰᠢᠨ᠎ᠡ ︽ ᠵᠢᠷᠤᠮ ᠤᠨ ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃      ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠠᠶᠢᠯᠭᠠᠬᠤ ᠶᠢ ᠠᠬᠢᠭᠤᠯᠬᠤ ᠪᠠᠷ ᠵᠣᠭᠰᠣᠴᠠ ᠪᠣᠯᠭᠠᠵᠤ᠂ ︽ᠵᠢᠷᠤᠮ ᠤᠨ ᠲᠣᠭᠲᠠᠭᠠᠯ︾ ᠳᠤ 6 ᠲᠠᠯ᠎ᠠ ᠶᠢᠨ ᠠᠭᠤᠯᠭ᠎ᠠ ᠳᠤ ᠭᠤᠤᠯᠳᠠᠯᠭ᠎ᠠ ᠲᠠᠢ ᠵᠠᠰᠠᠪᠤᠷᠢ ᠣᠷᠣᠭᠤᠯᠪᠠ᠄      ᠨᠢᠭᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠥᠮᠦᠨ ᠮᠣᠵᠢ ᠠᠯᠣᠰᠯᠠᠨ ᠣᠨᠳᠣᠤ ᠭᠠᠵᠠᠷ ᠲᠤ ᠲᠣᠬᠠᠢ ᠶᠢᠨ ᠭᠠᠵᠠᠷ ᠠᠴᠠ ᠪᠣᠰᠣᠳ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠵᠦ ᠪᠣᠯᠤᠨ᠎ᠠ᠃      ᠬᠤᠶᠠᠷ ᠲᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠮᠡᠳᠡᠭᠳᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃      ᠭᠤᠷᠪᠠ ᠳᠤ᠂ ᠡᠯᠧᠺᠲᠷᠣᠨ ᠢᠶᠠᠷ ᠬᠦᠷᠭᠡᠬᠦ ᠪᠠ ᠠᠯᠪᠠᠨ ᠵᠠᠷ ᠢᠶᠠᠷ ᠬᠦᠷᠭᠡᠬᠦ ᠵᠢᠷᠤᠮ ᠢ ᠨᠡᠮᠡᠪᠡ᠃      ᠲᠦᠷᠪᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠪᠡ᠃      ᠲᠠᠪᠤ ᠳᠤ᠂ ᠮᠡᠳᠡᠭᠡ ᠵᠠᠩᠭᠢ ᠶᠢ ᠰᠢᠯᠵᠢᠭᠦᠯᠬᠦ ᠲᠦᠷᠢᠮ ᠢ ᠲᠣᠭᠲᠠᠭᠠᠪᠠ᠃      ᠵᠢᠷᠭᠤᠭ᠎ᠠ ᠳᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠣᠭᠲᠠᠭᠠᠯ ᠢ ᠨᠡᠮᠡᠪᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ