ᠬᠢᠶ᠎ᠠ ᠪᠠᠭᠰᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 12843 ᠲᠥᠭᠦᠷᠢᠭ ᠮᠡᠬᠡᠯᠡᠭᠳᠡᠭᠰᠡᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2020/6/24
          ᠬᠢᠶ᠎ᠠ ᠪᠠᠭᠰᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 12843 ᠲᠥᠭᠦᠷᠢᠭ           ᠮᠡᠬᠡᠯᠡᠭᠳᠡᠭᠰᠡᠨ ᠬᠡᠷᠡᠭ ᠢ ᠢᠯᠡᠷᠡᠭᠦᠯᠪᠡ      ᠡᠨᠡ ᠵᠢᠯ ᠤᠨ 6 ᠳ᠋ᠤᠭᠠᠷ ᠰᠠᠷ᠎ᠠ ᠶᠢᠨ 16 ᠤ ᠡᠳᠦᠷ ᠤᠨ 16 ᠴᠠᠭ ᠲᠤ᠂ ᠬᠢᠶ᠎ᠠ ᠪᠠᠭᠰᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠯᠢᠦ ᠣᠪᠣᠭᠲᠤ ᠶᠢᠨ 12843 ᠲᠥᠭᠦᠷᠢᠭ ᠮᠡᠬᠡᠯᠡᠭᠳᠡᠭᠰᠡᠨ ᠬᠡᠷᠡᠭ ᠤᠨ ᠮᠡᠳᠡᠭᠦᠯᠦᠯᠲᠡ ᠶᠢ ᠲᠣᠰᠪᠠ᠃
     ᠣᠶᠢᠯᠠᠭᠠᠭᠰᠠᠨ ᠢᠶᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 24 ᠤ ᠡᠳᠦᠷ᠂ ᠯᠢᠦ ᠣᠪᠣᠭᠲᠤ ᠭᠠᠷ ᠣᠲᠠᠰᠣᠨ ᠤ ᠲᠣᠭᠯᠠᠭᠠᠮ ᠳᠡᠭᠡᠷ᠎ᠡ ︽ᠠᠨ ᠴᠢ︾ ᠭᠡᠳᠡᠭ ᠡᠮᠡᠭᠲᠡᠶ ᠲᠠᠢ ᠲᠠᠨᠢᠯᠴᠠᠵᠤ᠂ ᠬᠠᠷᠢᠯᠴᠠᠨ ᠸᠢᠴᠠᠲ ᠤᠨ ᠳ᠋ᠣᠭᠠᠷ ᠢᠶᠠᠨ ᠰᠣᠯᠢᠯᠴᠠᠨ ᠨᠠᠶᠢᠵᠠ ᠪᠣᠯᠣᠯᠴᠠᠪᠠ᠃ ᠬᠠᠷᠢᠯᠴᠠᠬᠤ ᠶᠠᠪᠤᠴᠠ ᠳᠤ᠂ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠡᠮᠡᠭᠲᠡᠶ ᠬᠥᠮᠦᠨ ᠢᠶᠠᠷ ᠣᠪᠯᠠᠨ ᠸᠢᠴᠠᠲ ᠤᠨ ᠨᠠᠶᠢᠵᠠ ᠶᠢᠨ ᠲᠣᠭᠤᠷᠢᠭ ᠲᠤ ᠪᠠᠨ ᠡᠳᠦᠷ ᠲᠤᠲᠤᠮ ᠤᠨ ᠠᠮᠢᠳᠤᠷᠠᠯ ᠤᠨ ᠭᠡᠷᠡᠯ ᠵᠢᠷᠤᠭ ᠢᠶᠠᠨ ᠨᠡᠶᠢᠲᠡᠯᠡᠵᠦ ︵ᠪᠤᠰᠤᠳ ᠤᠨ ᠪᠢᠴᠢᠯ ᠪᠦᠷᠬᠡ ᠶᠢᠨ ᠰᠡᠭᠦᠳᠡᠷ ᠢ ᠬᠠᠭᠤᠷᠮᠠᠭᠯᠠᠨ ᠬᠡᠷᠡᠭᠯᠡᠵᠦ ᠪᠠᠶᠢᠪᠠ︶᠂ ᠳᠠᠭᠤ ᠬᠤᠪᠢᠷᠠᠭᠠᠬᠤ ᠵᠥᠭᠡᠯᠡᠨ ᠲᠣᠨᠤᠭ ᠢᠶᠠᠷ ᠳᠠᠮᠵᠢᠭᠤᠯᠤᠨ ᠵᠣᠭᠤᠭᠳᠠᠵᠣ ᠪᠠᠶᠢᠪᠠ᠃ ᠰᠦᠯᠵᠢᠶᠡᠨ ᠳᠡᠭᠡᠷ᠎ᠡ ᠠᠴᠠ ᠡᠪᠡᠳᠴᠢᠨ ᠤ ᠳᠠᠩᠰᠠ ᠶᠢ ᠪᠠᠭᠤᠯᠭᠠᠨ ᠠᠪᠬᠤ ᠵᠡᠷᠭᠡ ᠠᠷᠭ᠎ᠠ ᠪᠠᠷᠢᠯ ᠢᠶᠠᠷ ᠥᠪᠡᠷ ᠢ ᠪᠠᠨ ᠥᠮᠡᠨ ᠡᠪᠡᠳᠴᠢᠨ ᠳᠤ ᠨᠡᠷᠪᠡᠭᠳᠡᠪᠡ ᠬᠡᠮᠡᠵᠦ᠂ ᠡᠮᠨᠡᠯᠭᠡ ᠳᠤ ᠰᠠᠭᠤᠵᠤ ᠡᠮᠨᠡᠭᠦᠯᠬᠦ᠂ ᠲᠣᠭᠲᠠᠭᠠᠯ ᠠᠴᠠ ᠵᠥᠷᠢᠴᠡᠭᠰᠡᠨ ᠲᠣᠷᠭᠠᠭᠤᠯᠢ ᠶᠢᠨ ᠮᠦᠩᠬᠦ ᠲᠣᠰᠢᠶᠠᠬᠤ᠂ ᠵᠣᠴᠢᠨ ᠳᠠᠶᠢᠯᠠᠵᠤ ᠬᠤᠭᠤᠯᠠ ᠢᠳᠡᠭᠦᠯᠬᠦ ᠵᠡᠷᠭᠡ ᠰᠢᠯᠲᠠᠭᠠᠨ ᠢᠶᠠᠷ᠂ ᠤᠷᠢᠳ ᠬᠤᠵᠢᠳ ᠬᠤᠬᠢᠷᠠᠯ ᠠᠮᠰᠠᠭᠴᠢ ᠯᠢᠦ ᠣᠪᠣᠭᠲᠣ ᠠᠴᠠ 12843 ᠲᠥᠭᠦᠷᠢᠭ ᠮᠡᠬᠡᠯᠡᠵᠦ᠂ ᠰᠡᠭᠦᠯᠡᠷ ᠨᠢ ᠬᠠᠷᠢᠴᠠᠭ᠎ᠠ ᠲᠠᠰᠣᠷᠠᠭᠰᠠᠨ ᠪᠠᠶᠢᠪᠠ᠃
     ᠲᠤᠷᠰᠢᠨ ᠪᠠᠶᠢᠴᠠᠭᠠᠬᠤ ᠪᠠᠷ ᠳᠡᠮᠵᠢᠨ᠂ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠵᠠᠩ ᠣᠪᠣᠭᠲᠤ ᠶᠢᠨ ᠬᠦᠨᠳᠦ ᠶᠡᠭᠡ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠭᠡᠳ᠂ ᠲᠤᠰ ᠡᠳᠦᠷ ᠤᠨ 22 ᠴᠠᠭ ᠲᠤ ᠰᠢᠤᠸᠠᠢ ᠵᠢᠶᠠ ᠸᠠᠨ ᠪᠠᠯᠭᠠᠰᠤᠨ ᠤ ᠯᠢᠶᠠᠩ ᠵᠢᠶᠠ ᠭᠧ ᠪᠦᠦ ᠠᠴᠠ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠶᠢ ᠪᠠᠷᠢᠪᠴᠢᠯᠠᠪᠠ᠃  ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠢ ᠬᠢᠶ᠎ᠠ ᠪᠠᠭᠰᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠳᠤ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠬᠡᠷᠡᠭ ᠢ ᠤᠯᠠᠮ ᠨᠢᠭᠡ ᠠᠯᠬᠤᠮ ᠰᠢᠢᠳᠪᠦᠷᠢᠯᠡᠵᠦ ᠪᠣᠢ᠃
ᠢᠷᠡᠯᠲᠡ᠄ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ