ᠪᠠᠶᠠᠨᠨᠠᠭᠠᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠯᠠᠭᠠᠶᠢᠯᠠᠭᠰᠠᠨ ᠰᠢᠷᠢᠰ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2020/7/27
              ᠪᠠᠶᠠᠨᠨᠠᠭᠠᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ               ᠬᠠᠮᠠᠭᠠᠯᠠᠬᠤ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ               ᠬᠤᠯᠠᠭᠠᠶᠢᠯᠠᠭᠰᠠᠨ ᠰᠢᠷᠢᠰ ᠬᠡᠷᠡᠭ ᠢ ᠢᠯᠡᠷᠡᠭᠦᠯᠪᠡ      ᠣᠶᠢᠷ᠎ᠠ ᠶᠢᠨ ᠡᠳᠥᠷ᠂ ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠷᠠᠭᠤᠨ ᠬᠤᠲᠠ ᠲᠣᠭᠤᠷᠢᠭ ᠤᠨ ᠲᠣᠮᠢᠯᠠᠭᠰᠠᠨ ᠰᠠᠯᠪᠤᠷᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠯᠠᠭᠠᠶᠢᠯᠠᠭᠰᠠᠨ ᠣᠨᠴᠠ ᠶᠡᠭᠡ ᠰᠢᠷᠢᠰ ᠬᠡᠷᠡᠭ ᠢ ᠲᠦᠷᠭᠡᠨ ᠢᠯᠡᠷᠡᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠥᠭᠡᠷᠡᠴᠢᠯᠡᠨ ᠲᠣᠨᠣᠭᠯᠠᠬᠤ᠂ ᠨᠢᠭᠤᠨ ᠳᠠᠯᠳᠠᠯᠠᠬᠤ ᠭᠠᠵᠠᠷ ᠢ ᠪᠤᠰᠠᠨᠢᠭᠤᠯᠤᠨ᠂ ᠶᠠᠯ᠎ᠠ ᠬᠢᠭᠰᠡᠨ 2 ᠰᠡᠵᠢᠭᠲᠡᠨ ᠢ ᠪᠠᠷᠢᠪᠴᠢᠯᠠᠵᠤ᠂ 27 ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ 2 ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠥᠲᠦ ᠲᠡᠷᠭᠡ᠂ 2 ᠲᠤᠭᠤᠢ ᠲᠡᠷᠭᠡ ᠶᠢ ᠲᠤᠬᠠᠢ ᠶᠢᠨ ᠲᠠᠯᠠᠪᠠᠢ ᠳᠤ ᠪᠠᠶᠢᠴᠠᠭᠠᠨ ᠢᠯᠡᠷᠡᠭᠦᠯᠪᠡ᠃      6 ᠳ᠋ᠤᠭᠠᠷ ᠰᠠᠷ᠎ᠠ ᠠᠴᠠ ᠨᠠᠭᠠᠰᠢ᠂ ᠪᠠᠷᠠᠭᠤᠨ ᠬᠤᠲᠠ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠳᠤ ᠣᠯᠠᠨᠲᠠ ᠴᠠᠬᠢᠯᠭᠠᠨ ᠬᠥᠳᠡᠯᠭᠡᠭᠦᠷᠲᠦ ᠳᠤᠭᠤᠢ  ᠲᠡᠷᠭᠡ  ᠬᠤᠯᠠᠭᠠᠶᠢᠯᠠᠭᠳᠠᠭᠰᠠᠨ ᠬᠡᠷᠡᠭ ᠭᠠᠷᠴᠤ᠂ ᠵᠠᠷᠢᠮ ᠳᠤ ᠪᠠᠨ ᠨᠢᠭᠡ ᠡᠳᠦᠷ ᠲᠤ ᠭᠤᠷᠪᠠ ᠳᠥᠷᠪᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠭᠡᠭᠡᠭᠳᠡᠳᠡᠭ ᠪᠠᠶᠢᠪᠠ᠃ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠤᠯᠠᠨ ᠲᠦᠮᠡᠨ ᠢ ᠲᠣᠬᠤᠨᠢᠭᠤᠯᠬᠤ ᠶᠢᠨ ᠬᠠᠮᠲᠤ ᠳᠠᠷᠤᠢ ᠲᠦᠷᠭᠡᠨ ᠲᠤᠰᠬᠠᠢ ᠬᠡᠷᠡᠭ  ᠤᠨ  ᠳᠤᠭᠤᠶᠢᠯᠠᠩ ᠪᠠᠶᠢᠭᠤᠯᠵᠤ ᠲᠠᠩᠨᠠᠨ ᠪᠠᠶᠢᠴᠠᠭᠠᠪᠠ᠃ ᠪᠠᠶᠢᠴᠠᠭᠠᠯᠲᠠ ᠪᠠᠷ ᠳᠠᠮᠵᠢᠨ᠂ ᠶᠠᠯ᠎ᠠ ᠬᠢᠭᠰᠡᠨ ᠰᠡᠵᠢᠭᠳᠡᠨ ᠤ ᠬᠡᠷᠡᠭ ᠬᠢᠳᠡᠭ ᠭᠠᠵᠠᠷ ᠢ ᠲᠦᠷᠭᠡᠨ ᠲᠣᠭᠲᠠᠭᠠᠵᠤ᠂ ᠰᠠᠬᠢᠵᠤ ᠰᠠᠭᠤᠪᠠ᠃      ︽ᠴᠢᠷᠮᠠᠶᠢᠯᠭ᠎ᠠ ᠬᠥᠮᠦᠨ ᠢ ᠭᠤᠮᠣᠳᠠᠭᠠᠳᠠᠭ ᠦᠭᠡᠢ︾ ᠭᠡᠳᠡᠭᠴᠢᠯᠡᠨ᠂ 7 ᠰᠠᠷ᠎ᠠ ᠶᠢᠨ 10 ᠤ ᠦᠳᠡ ᠶᠢᠨ ᠡᠮᠦᠨ᠎ᠡ᠂ ᠲᠤᠬᠠᠢ ᠶᠢᠨ ᠭᠠᠵᠠᠷ ᠢ ᠰᠠᠬᠢᠵᠤ ᠰᠠᠭᠤᠭᠰᠠᠨ ᠴᠠᠭᠳᠠᠭ᠎ᠠ ᠨᠢᠭᠡᠨ ᠡᠷᠡᠭᠲᠡᠢ ᠵᠠᠮ ᠤᠨ ᠬᠠᠵᠠᠭᠤ ᠳᠤ ᠲᠠᠯᠪᠢᠭᠰᠠᠨ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠡᠷᠭᠢᠨ ᠲᠣᠭᠤᠷᠢᠨ ᠳᠤ ᠡᠷᠭᠢᠴᠡᠵᠦ ᠪᠠᠶᠢᠬᠤ ᠶᠢ ᠦᠵᠡᠭᠡᠳ ᠤᠯᠠᠨ ᠵᠢᠯ ᠤᠨ ᠲᠤᠷᠰᠢᠯᠭ᠎ᠠ ᠢᠶᠠᠷ ᠢᠶᠠᠨ ᠲᠣᠰ ᠡᠷᠡᠭᠲᠡᠢ ᠰᠡᠵᠢᠭᠲᠡᠢ ᠪᠠᠶᠢᠬᠤ ᠶᠢ ᠮᠡᠳᠡᠪᠡ᠃ ᠬᠠᠷᠠᠵᠤ ᠪᠠᠶᠢᠲᠠᠯ᠎ᠠ ᠥᠨᠥ ᠡᠷᠡᠭᠲᠡᠢ ᠣᠨᠢᠰᠤᠯᠠᠵᠤ ᠪᠠᠶᠢᠭᠰᠠᠨ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠨᠡᠭᠡᠭᠡᠬᠦ ᠪᠠᠷ ᠣᠷᠣᠯᠳᠣᠵᠤ᠂ ᠰᠡᠷᠡᠮᠵᠢ ᠶᠢᠨ ᠬᠤᠩᠬᠤ ᠳᠤᠤᠭᠠᠷᠬᠤᠯᠠᠷ ᠰᠡᠩᠳᠡ ᠮᠡᠩᠳᠡ ᠵᠠᠶᠢᠯᠠᠵᠤ ᠶᠠᠪᠤᠪᠠ᠃ ᠴᠠᠭᠳᠠᠭ᠎ᠠ ᠲᠡᠭᠦᠨ ᠢ ᠬᠤᠯᠠᠭᠠᠶᠢᠯᠠᠵᠤ ᠳᠡᠶᠢᠯᠦᠭᠰᠡᠨ ᠦᠭᠡᠢ ᠪᠣᠯᠬᠤᠷ ᠯᠠᠪᠲᠠᠢ ᠪᠤᠴᠠᠵᠤ ᠢᠷᠡᠨ᠎ᠡ ᠭᠡᠳᠡᠭ ᠢ ᠮᠡᠳᠡᠵᠦ ᠪᠠᠶᠢᠭ᠎ᠠ ᠪᠣᠯᠬᠤᠷ ᠲᠡᠷᠡ ᠳᠠᠷᠤᠢ ᠪᠠᠷᠢᠪᠴᠢᠯᠠᠭᠰᠠᠨ ᠦᠭᠡᠢ᠂ ᠳᠡᠮᠡᠢ ᠤᠳᠠᠯ ᠦᠭᠡᠢ ᠥᠨᠥ ᠡᠷᠡᠭᠲᠡᠢ ᠦᠨᠡᠬᠡᠷ ᠪᠤᠴᠠᠵᠤ ᠢᠷᠡᠭᠡᠳ ᠪᠠᠰᠠ ᠨᠢᠭᠡ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠲᠦᠯᠬᠢᠭᠦᠷ ᠢᠶᠠᠷ ᠮᠤᠰᠬᠢᠵᠦ ᠨᠡᠭᠡᠭᠡᠭᠡᠳ ᠤᠨᠤᠭᠠᠳ ᠶᠠᠪᠤᠬᠤ ᠭᠡᠵᠦ ᠪᠠᠶᠢᠳᠠᠯ᠎ᠠ ᠠᠷᠠᠳ ᠤᠨ ᠴᠠᠭᠳᠠᠭ᠎ᠠ ᠳᠠᠷᠤᠢ ᠲᠦᠷᠭᠡᠨ ᠣᠴᠢᠵᠤ ᠪᠠᠷᠢᠪᠴᠢᠯᠠᠪᠠ᠃      ᠰᠢᠭᠦᠨ ᠠᠰᠠᠭᠤᠬᠤ ᠪᠠᠷ ᠳᠠᠮᠵᠢᠨ᠂ ᠶᠠᠯ᠎ᠠ ᠬᠢᠭᠰᠡᠨ ᠰᠡᠵᠢᠭᠳᠡᠨ ᠯᠢ ᠣᠪᠣᠭᠲᠤ ᠥᠪᠡᠷ ᠤᠨ ᠶᠠᠯ᠎ᠠ ᠪᠠᠨ ᠮᠡᠳᠡᠷᠡᠬᠦ ᠶᠢᠨ ᠬᠠᠮᠲᠤ ᠬᠤᠯᠠᠭᠠᠶᠢᠯᠠᠭᠰᠠᠨ ᠲᠤᠭᠤᠢ ᠲᠡᠷᠭᠡ ᠪᠠᠨ ᠲᠢᠶᠠᠨ ᠣᠪᠣᠭᠲᠤ ᠳᠤ ᠪᠣᠷᠣᠯᠠᠭᠤᠯᠳᠠᠭ ᠭᠡᠳᠡᠭ ᠢᠶᠠᠨ ᠲᠤᠰᠢᠶᠠᠪᠠ᠃ ᠲᠤᠰᠬᠠᠢ ᠬᠡᠷᠡᠭ ᠤᠨ ᠳᠤᠭᠤᠶᠢᠯᠠᠩ ᠡᠨᠡ ᠰᠦᠪᠡᠭᠴᠢ ᠪᠠᠷ ᠳᠠᠮᠵᠢᠨ ᠳᠠᠷᠤᠢ ᠲᠦᠷᠭᠡᠨ ᠲᠢᠶᠠᠨ ᠣᠪᠣᠭᠲᠤ ᠶᠢᠨ ᠬᠡᠷ ᠲᠤ ᠬᠦᠷᠴᠦ᠂ ᠲᠡᠭᠦᠨ  ᠤ  ᠲᠦᠷᠢᠶᠡᠰᠦᠯᠡᠨ ᠰᠠᠭᠤᠭ᠎ᠠ ᠬᠡᠷ ᠳᠣᠲᠣᠷ᠎ᠠ ᠠᠴᠠ 30 ᠭᠠᠷᠤᠢ ᠬᠤᠯᠠᠭᠠᠶᠢᠯᠠᠭᠳᠠᠭᠰᠠᠨ ᠲᠤᠭᠤᠢ ᠲᠡᠷᠭᠡ ᠶᠢ ᠣᠯᠵᠤ᠂ ᠲᠢᠶᠠᠨ ᠣᠪᠣᠭᠲᠤ ᠶᠢ ᠪᠠᠷᠢᠪᠴᠢᠯᠠᠪᠠ᠃      ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠯᠢ ᠣᠪᠣᠭᠲᠤ᠂ ᠲᠢᠶᠠᠨ ᠣᠪᠣᠭᠲᠤ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠬᠡᠷᠡᠭ ᠢ ᠤᠯᠠᠮ ᠨᠢᠭᠡ ᠠᠯᠬᠤᠮ ᠲᠠᠩᠨᠠᠨ ᠰᠢᠢᠳᠪᠦᠷᠢᠯᠡᠵᠦ ᠪᠤᠢ᠃  ︵ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠶᠢᠨ ᠣᠶᠤᠨᠲᠠᠨ᠎ᠠ︶
ᠢᠷᠡᠯᠲᠡ᠄ ᠪᠠᠶᠠᠨᠨᠠᠭᠠᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ