ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠪᠤᠨ ᠲᠥᠷᠥᠯ ᠤᠨ | ᠡᠷᠦᠬᠡ ᠠᠮᠠ ᠶᠢᠨ ᠲᠠᠩᠰᠠ ᠶᠢ ᠴᠡᠭᠴᠡᠯᠡᠬᠦ ᠪᠠᠷ ᠪᠣᠶ | | ᠤᠳᠠᠯ ᠥᠬᠡᠶ ᠥᠷᠨᠢᠭᠦᠯᠬᠦ ᠭᠡᠵᠦ ᠪᠠᠶᠢᠭ᠎ᠠ ᠪᠥᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠤᠭᠲᠤᠬᠤ ᠶᠢᠨ ᠲᠥᠯᠥᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠣᠤᠷᠠᠬᠢ ᠲᠠᠪᠤᠨ ᠲᠥᠷᠥᠯ ᠤᠨ ᠡᠷᠦᠬᠡ ᠠᠮᠠ ᠶᠢᠨ ᠠᠰᠠᠭᠤᠳᠠᠯ ᠢ | ᠴᠡᠭᠴᠡᠯᠡᠬᠦ ᠪᠠᠷ ᠪᠣᠶ᠄ | ᠨᠢᠭᠡ᠂ ᠡᠷᠦᠬᠡ ᠠᠮᠠ ᠦᠭᠡᠢ ᠬᠥᠮᠦᠰ ᠤᠨ ᠡᠷᠦᠬᠡ ᠠᠮᠠ ᠶᠢᠨ ᠳᠠᠩᠰᠠᠯᠠᠯ ᠤᠨ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠶ᠃ ᠡᠷᠦᠬᠡ | ᠠᠮᠠ ᠶᠢ ᠬᠠᠤᠯᠢ ᠶᠣᠰᠣᠭᠠᠷ ᠳᠠᠩᠰᠠᠯᠠᠭᠤᠯᠬᠤ ᠪᠣᠯ ᠠᠷᠠᠳ ᠢᠷᠭᠡᠨ ᠤ ᠡᠷᠬᠡ ᠪᠠ ᠡᠭᠦᠷᠭᠡ ᠮᠥᠨ᠃ ᠰᠠᠶ᠋ᠢ ᠲᠥᠷᠥᠭᠰᠡᠨ ᠬᠡᠤᠬᠡᠳ 1 ᠰᠠᠷ᠎ᠠ ᠶᠢᠨ ᠳᠣᠲᠣᠷ᠎ᠠ ᠡᠴᠢᠭᠡ | ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠰᠠᠨᠠᠭᠠᠴᠢᠯᠠᠭ᠎ᠠ ᠠᠴᠠ ᠪᠠᠨ ᠡᠷᠦᠬᠡ ᠠᠮᠠ ᠶᠢᠨ ᠳᠡᠩᠰᠡᠯᠡᠯᠲᠡ ᠬᠢᠬᠦ ᠪᠠᠷ ᠮᠡᠳᠡᠭᠦᠯᠬᠦ ᠬᠡᠷᠡᠭᠲᠡᠶ︔ ᠡᠷᠦᠬᠡ ᠠᠮᠠ ᠦᠭᠡᠶ | ᠪᠤᠰᠤᠳ ᠡᠯ᠎ᠡ ᠲᠥᠷᠥᠯ ᠤᠨ ᠬᠥᠮᠦᠰ ᠴᠦ ᠰᠠᠭᠤᠭ᠎ᠠ ᠭᠠᠵᠠᠷ ᠤᠨ ᠢᠶᠠᠨ ᠲᠣᠮᠢᠯᠠᠭᠰᠠᠨ ᠰᠠᠯᠪᠣᠷᠢ ᠳᠤ ᠰᠠᠨᠠᠭᠠᠴᠢᠯᠠᠭ᠎ᠠ ᠠᠴᠠ ᠪᠠᠨ ᠬᠦᠷᠴᠦ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠬᠤᠶᠠᠷ᠂ ᠬᠦᠴᠦᠨ ᠦᠭᠡᠢ ᠪᠣᠯᠭᠠᠬᠤ ᠶᠣᠰᠣᠲᠠᠶ ᠡᠷᠦᠬᠡ ᠠᠮᠠ ᠶᠢ ᠪᠦᠬᠦ ᠲᠠᠯ᠎ᠠ ᠪᠠᠷ ᠢᠯᠭᠠᠨ ᠴᠡᠭᠴᠡᠯᠡᠬᠦ ᠬᠡᠷᠡᠭᠲᠡᠶ᠃ ᠠᠷᠠᠳ ᠢᠷᠭᠡᠨ ᠴᠡᠷᠢᠭ ᠲᠤ | ᠡᠯᠰᠡᠭᠳᠡᠭᠰᠡᠨ᠂ ᠭᠠᠳᠠᠭᠠᠳᠤ ᠶᠢᠨ ᠤᠯᠤᠰ ᠤᠨ ᠬᠠᠷᠢᠶ᠎ᠠ ᠳᠤ ᠤᠷᠤᠭᠰᠠᠨ ᠪᠤᠶᠤ ᠨᠠᠰᠣ ᠨᠦᠭᠴᠢᠭᠰᠡᠨ ᠪᠠᠶᠢᠪᠠᠯ᠂ ᠲᠣᠰ ᠬᠥᠮᠦᠨ ᠪᠤᠶᠤ ᠣᠶᠢᠷ᠎ᠠ ᠲᠥᠷᠥᠯ | ᠰᠠᠳᠤᠨ ᠨᠢ ᠴᠠᠭ ᠲᠤᠬᠠᠶ ᠳᠤ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠡᠷᠦᠬᠡ ᠠᠮᠠ ᠶᠢ ᠨᠢ ᠬᠦᠴᠦᠨ ᠥᠬᠡᠶ | ᠪᠣᠯᠭᠠᠬᠤ ᠭᠠᠷ ᠭᠦᠢᠴᠡᠳᠬᠡᠯ ᠬᠢᠬᠦ ᠬᠡᠷᠡᠭᠲᠡᠶ᠃ | ᠭᠤᠷᠪᠠ᠂ ᠬᠤᠶᠠᠷ ︵ᠣᠯᠠᠨ︶ ᠳᠠᠪᠬᠤᠴᠠᠭᠰᠠᠨ ᠡᠷᠦᠬᠡ ᠠᠮᠠ ᠶᠢ ᠪᠦᠬᠦ ᠲᠠᠯ᠎ᠠ ᠪᠠᠷ ᠢᠯᠭᠠᠨ ᠴᠡᠭᠴᠡᠯᠡᠬᠦ ᠬᠡᠷᠡᠭᠲᠡᠶ᠃ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠠᠭᠤᠭᠠᠯᠢ ᠠᠷᠠᠳ ᠵᠥᠪᠬᠡᠨ ᠨᠢᠭᠡ ᠯᠡ ᠡᠷᠦᠬᠡ ᠠᠮᠠ ᠶᠢᠨ ᠳᠠᠩᠰᠠ ᠲᠠᠢ ᠪᠠᠶᠢᠵᠤ᠂ ᠵᠦᠶ ᠪᠤᠰᠤ ᠠᠷᠭ᠎ᠠ ᠵᠠᠮ ᠢᠶᠠᠷ ᠬᠤᠶᠠᠷ ᠪᠤᠶᠤ ᠣᠯᠠᠨ | ᠡᠷᠦᠬᠡ ᠠᠮᠠ ᠲᠠᠢ ᠪᠣᠯᠣᠭᠰᠠᠨ ᠪᠠᠶᠢᠪᠠᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠣᠭᠠᠴᠠᠭᠳᠠᠵᠤ᠂ ᠡᠷᠬᠡᠪᠰᠢ ᠬᠠᠤᠯᠢ ᠪᠤᠰᠤ ᠪᠠᠷ ᠣᠯᠤᠭᠰᠠᠨ ᠡᠷᠦᠬᠡ | ᠠᠮᠠ ᠶᠢ ᠨᠢ ᠬᠦᠴᠦᠨ ᠦᠭᠡᠢ ᠪᠣᠯᠭᠠᠬᠤ ᠬᠡᠷᠡᠭᠲᠡᠶ᠃ ᠬᠤᠶᠠᠷ ︵ᠣᠯᠠᠨ︶ ᠲᠠᠪᠬᠤᠴᠠᠭᠰᠠᠨ ᠡᠷᠦᠬᠡ ᠠᠮᠠ ᠲᠠᠢ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ | ᠰᠠᠭᠤᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠴᠦ ᠮᠡᠳᠡᠭᠦᠯᠦᠨ ᠵᠠᠯᠠᠷᠠᠭᠤᠯᠬᠤ ᠬᠡᠷᠡᠭᠲᠡᠶ᠃ | ᠳᠦᠷᠪᠡ᠂ ᠬᠠᠮᠲᠤ ᠶᠢᠨ ᠡᠷᠦᠬᠡ ᠶᠢ ᠢᠯᠭᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠬᠡᠷ ᠪᠦᠯᠢ ᠶᠢᠨ ᠡᠷᠦᠬᠡ ᠠᠮᠠ ᠣᠷᠣᠬᠤ | ᠨᠥᠬᠦᠴᠡᠯ ᠳᠤ ᠨᠡᠶᠢᠴᠡᠬᠦ ᠬᠥᠮᠦᠰ ᠡᠷᠦᠬᠡ ᠠᠮᠠ ᠶᠢᠨ ᠲᠠᠩᠰᠠ ᠪᠠᠨ ᠳᠠᠷᠤᠶ ᠲᠦᠷᠭᠡᠨ ᠰᠢᠯᠵᠢᠭᠦᠯᠦᠨ ᠭᠠᠷᠭᠠᠬᠤ ᠬᠡᠷᠡᠭᠲᠡᠶ︔ ᠬᠥᠮᠦᠨ ᠪᠠ ᠡᠷᠦᠬᠡ ᠠᠮᠠ ᠨᠢᠭᠡᠲᠦᠯ | ᠦᠭᠡᠢ᠂ ᠬᠤᠭᠤᠰᠣᠨ ᠡᠷᠦᠬᠡ ᠠᠮᠠ ᠲᠠᠢ ᠪᠠᠶᠢᠳᠠᠯ ᠣᠷᠣᠰᠢᠵᠣ ᠪᠠᠶᠢᠪᠠᠯ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ | ᠰᠠᠨᠠᠭᠠᠴᠢᠯᠠᠭ᠎ᠠ ᠠᠴᠠ ᠪᠠᠨ ᠬᠦᠷᠴᠦ ᠡᠷᠦᠬᠡ ᠠᠮᠠ ᠶᠢᠨ ᠬᠠᠶ᠋ᠢᠭ ᠢ ᠬᠤᠪᠢᠷᠠᠭᠤᠯᠬᠤ ᠬᠡᠷᠡᠭᠲᠡᠶ᠃ | ᠲᠠᠪᠤ᠂ ᠡᠷᠦᠬᠡ ᠠᠮᠠ ᠶᠢᠨ ᠳᠠᠩᠰᠠᠯᠠᠯ ᠤᠨ ᠲᠥᠷᠥᠯ ᠵᠦᠢᠯ ᠨᠢ ᠲᠣᠰ ᠬᠥᠮᠦᠨ ᠤ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠪᠤᠶᠤ ᠠᠯᠳᠠᠭ᠎ᠠ ᠲᠠᠢ ᠪᠠᠶᠢᠪᠠᠯ᠂ | ᠬᠤᠯᠪᠣᠭᠳᠠᠯ ᠪᠥᠬᠦᠶ ᠦᠨᠡᠮᠯᠡᠯ ᠢᠶᠠᠨ ᠠᠪᠴᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠣᠷᠢ ᠳᠤ ᠬᠦᠷᠴᠦ ᠥᠭᠡᠷᠡᠴᠢᠯᠡᠬᠦ ᠬᠡᠷᠡᠭᠲᠡᠶ᠃ | ᠠᠷᠠᠳ ᠢᠷᠭᠡᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠪᠠᠶᠢᠪᠠᠯ᠂ ᠪᠡᠶ᠎ᠡ ᠶᠢᠨ ᠦᠨᠡᠮᠯᠡᠯ ᠤᠨ ᠭᠠᠷ ᠭᠦᠢᠴᠡᠳᠬᠡᠯ ᠢᠶᠠᠨ ᠴᠠᠭ ᠲᠣᠬᠠᠢ ᠳᠤ ᠨᠢ ᠬᠢᠬᠦ ᠬᠡᠷᠡᠭᠲᠡᠶ | ᠃ | ᠣᠯᠠᠨ ᠲᠦᠮᠡᠨ ᠤ ᠠᠰᠠᠭᠤᠨ ᠯᠠᠪᠯᠠᠬᠤ ᠳᠤ ᠳᠥᠭᠦᠮ ᠦᠵᠡᠭᠦᠯᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠷᠢᠶ᠎ᠠ ᠪᠥᠬᠦᠶ ᠡᠯ᠎ᠡ | ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠯᠠᠪᠯᠠᠬᠤ | ᠤᠲᠠᠰᠤ ᠶᠢ ᠳᠣᠣᠷᠠᠬᠢ ᠮᠡᠳᠦ ᠨᠠᠶᠢᠲᠡᠯᠡᠪᠡ᠄ | ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠤᠨ | ᠠᠰᠠᠭᠤᠨ ᠯᠠᠪᠯᠠᠬᠤ ᠤᠲᠠᠰᠤ᠄ 0471 — 6521891︔ | ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ | ᠠᠵᠢᠯ ᠤᠨ ᠠᠰᠠᠭᠤᠨ ᠯᠠᠪᠯᠠᠬᠤ ᠤᠲᠠᠰᠤ᠄ 0471 — 3821145︔ | ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠤᠨ | ᠠᠰᠠᠭᠤᠨ ᠯᠠᠪᠯᠠᠬᠤ ᠤᠲᠠᠰᠤ᠄ 0471 — 6609924︔ | ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠤᠨ | ᠠᠰᠠᠭᠤᠨ ᠯᠠᠪᠯᠠᠬᠤ ᠤᠲᠠᠰᠤ᠄ 0471 — 5277038︔ | ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ | ᠯᠠᠪᠯᠠᠬᠤ ᠤᠲᠠᠰᠤ᠄ 0471 — 8145826︔ | ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ | ᠤᠲᠠᠰᠤ᠄ 0471 — 8568599︔ | ᠬᠤᠷᠢᠨᠬᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ | ᠤᠲᠠᠰᠤ᠄ 0471-7180210︔ | ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ | ᠯᠠᠪᠯᠠᠬᠤ ᠤᠲᠠᠰᠤ᠄ 0471 — 7915157︔ | ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ | ᠤᠲᠠᠰᠤ᠄ 0471-8895858︔ | ᠬᠤᠲᠠ ᠶᠢᠨ ᠡᠮᠦᠨ᠎ᠡ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ | ᠳ᠋ᠢᠶᠠᠩᠬᠤᠸᠠ᠄ 0471-5607180︔ | ᠨᠠᠨ ᠳ᠋ᠢ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471 — | 3591110︔ | ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ | 0471 — 6321721᠃ | | |