ᠥᠨᠥᠳᠦᠷ ᠬᠠᠮᠲᠤ ᠪᠠᠷ ᠬᠠᠤᠯᠢ ᠴᠠᠭᠠᠵᠠ ᠪᠠᠷ ᠠᠮᠢᠳᠤᠷᠠᠯ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠶ᠎ᠡ
ᠨᠡᠶᠢᠲᠡᠯᠡᠭᠰᠡᠨ ᠴᠠᠭ᠄
2020/9/11
          ᠥᠨᠥᠳᠦᠷ ᠬᠠᠮᠲᠤ ᠪᠠᠷ ᠬᠠᠤᠯᠢ ᠴᠠᠭᠠᠵᠠ ᠪᠠᠷ ᠠᠮᠢᠳᠤᠷᠠᠯ           ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠶ᠎ᠡ      ᠠᠰᠠᠭᠤᠯᠲᠠ ᠨᠢᠭᠡ᠄ ᠯᠢᠩ ᠰᠢᠶᠣᠤ ︽ᠶᠠᠭᠤᠨ ᠳᠤ︾ ᠡᠵᠢ ᠪᠠᠨ ᠬᠠᠷᠠᠭᠠᠯᠵᠠᠬᠤ ᠪᠣᠶ︖ ᠦᠷ᠎ᠡ ᠬᠡᠤᠬᠡᠳ ᠨᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠳᠤ ᠡᠴᠢᠭᠡ ᠡᠬᠡ ᠨᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠪᠠᠷ ᠤᠷᠢᠲᠠᠯ ᠪᠣᠯᠭᠠᠬᠤ ᠬᠡᠷᠡᠭᠲᠡᠶ ᠦᠦ︖      ︽ᠢᠷᠭᠡᠨ ᠤ ᠬᠠᠤᠯᠢ ᠶᠢᠨ ᠪᠢᠴᠢᠭ︾ ᠤᠨ ᠬᠤᠷᠢᠨ ᠵᠢᠷᠭᠤᠳᠤᠭᠠᠷ ᠵᠦᠢᠯ ᠳᠤ ᠨᠠᠰᠤᠨ ᠳᠤ ᠬᠦᠷᠦᠭᠰᠡᠨ ᠦᠷ᠎ᠡ ᠬᠡᠤᠬᠡᠳ ᠨᠢ ᠡᠴᠢᠭᠡ ᠡᠭᠡ ᠪᠠᠨ ᠠᠴᠢᠯᠠᠨ ᠲᠡᠵᠢᠭᠡᠬᠦ᠂ ᠲᠡᠳᠬᠦᠨ ᠳᠡᠮᠵᠢᠬᠦ ᠪᠠ ᠬᠠᠮᠠᠭᠠᠯᠠᠬᠤ ᠡᠭᠦᠷᠭᠡ ᠲᠠᠢ᠃      ᠮᠢᠩᠭ᠎ᠠ ᠪᠥᠭᠡᠳ ᠵᠢᠷᠠᠨ ᠳᠣᠯᠣᠳᠤᠭᠠᠷ ᠵᠦᠢᠯ ᠳᠤ᠂ ᠨᠠᠰᠤᠨ ᠳᠤ ᠬᠦᠷᠦᠭᠰᠡᠨ ᠦᠷ᠎ᠡ ᠬᠡᠦᠬᠡᠳ ᠨᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠢ ᠪᠣᠯ ᠬᠥᠳᠡᠯᠮᠦᠷᠢᠯᠡᠬᠦ ᠴᠢᠳᠠᠪᠤᠷᠢ ᠪᠠᠷ ᠳᠤᠲᠠᠮᠠᠭ ᠪᠤᠶᠤ ᠠᠮᠢᠳᠤᠷᠠᠯ ᠨᠢ ᠬᠦᠴᠢᠷᠳᠡᠯ ᠲᠠᠢ ᠡᠴᠢᠭᠡ ᠡᠭᠡ ᠨᠢ ᠦᠷ᠎ᠡ ᠬᠡᠣᠬᠡᠳ ᠠᠴᠠ ᠪᠠᠨ ᠠᠴᠢᠯᠠᠨ ᠲᠡᠵᠢᠭᠡᠬᠦ ᠵᠠᠷᠤᠳᠠᠯ ᠠᠪᠬᠤ ᠪᠠᠷ ᠱᠠᠭᠠᠷᠳᠠᠬᠤ ᠡᠷᠬᠡ ᠲᠠᠢ᠃      ︽ᠢᠷᠭᠡᠨ ᠤ ᠬᠠᠤᠯᠢ ᠶᠢᠨ ᠪᠢᠴᠢᠭ︾  ᠤᠨ  ᠮᠢᠩᠭ᠎ᠠ  ᠪᠥᠭᠡᠳ  ᠵᠢᠷᠠ  ᠶᠢᠰᠦᠳᠦᠭᠡᠷ  ᠵᠦᠢᠯ  ᠤᠨ ᠲᠣᠭᠲᠠᠭᠠᠯ ᠳᠤ᠂ ᠦᠷ᠎ᠡ ᠬᠡᠤᠬᠡᠳ ᠪᠣᠯᠤᠭᠰᠠᠳ ᠨᠢ ᠡᠴᠢᠭᠡ ᠡᠭᠡ ᠶᠢᠨ ᠢᠶᠠᠨ ᠤᠷᠤᠬ ᠤᠨ ᠡᠷᠬᠡ ᠶᠢ ᠬᠦᠨᠳᠦᠳᠬᠡᠬᠦ ᠬᠡᠷᠡᠭᠲᠡᠶ᠂ ᠡᠴᠢᠭᠡ ᠡᠭᠡ ᠶᠢᠨ ᠢᠶᠠᠨ ᠤᠷᠤᠬ ᠰᠠᠯᠬᠤ᠂ ᠲᠡᠬᠢᠠ ᠤᠷᠤᠭᠯᠠᠬᠤ ᠵᠢᠴᠢ ᠤᠷᠤᠭᠯᠠᠭᠰᠠᠨ ᠤ ᠳᠠᠷᠠᠭᠠᠬᠢ ᠠᠮᠢᠳᠤᠷᠠᠯ ᠳᠤ ᠭᠠᠷ ᠲᠦᠷᠦᠵᠦ ᠪᠣᠯᠬᠤ ᠤᠢᠭᠡᠢ᠃ ᠦᠷ᠎ᠡ ᠬᠡᠤᠬᠡᠳ ᠤᠨ ᠡᠴᠢᠭᠡ ᠡᠭᠡ ᠪᠠᠨ ᠠᠴᠢᠯᠠᠨ ᠲᠡᠵᠢᠭᠡᠬᠦ ᠡᠭᠦᠷᠭᠡ ᠨᠢ ᠡᠴᠢᠭᠡ ᠡᠭᠡ ᠶᠢᠨ ᠢᠶᠠᠨ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠤᠭᠰᠠᠨ ᠠᠴᠠ ᠪᠤᠯᠵᠦ ᠳᠠᠭᠤᠰᠬᠤ ᠤᠢᠭᠡᠢ᠃      ᠠᠰᠠᠭᠤᠯᠲᠠ ᠬᠤᠶᠠᠷ᠄ ︽ᠴᠡᠭᠡᠵᠢ ᠶᠢ ᠨᠢ ᠲᠡᠮᠳᠡᠷᠢᠭᠰᠡᠨ︾ ᠬᠡᠷᠡᠭ ᠲᠤ᠂ ᠪᠠᠭ᠎ᠠ ᠠᠬ᠎ᠠ ᠽᠢ ᠴᠢᠦ ᠶᠢᠨ ᠦᠢᠯᠡ ᠠᠵᠢᠯᠯᠠᠭ᠎ᠠ ᠨᠢ ᠪᠡᠯᠭᠡ ᠶᠢᠨ ᠬᠠᠯᠳᠠᠯᠭ᠎ᠠ ᠪᠣᠯᠵᠤ ᠪᠦᠷᠢᠯᠳᠦᠭᠰᠡᠨ ᠦᠦ ᠦᠭᠡᠢ ᠦᠦ︖      ︽ᠢᠷᠭᠡᠨ ᠤ ᠬᠠᠤᠯᠢ︾ ᠶᠢᠨ ᠮᠢᠩᠭ᠎ᠠ ᠪᠦᠭᠡᠳ ᠠᠷᠪᠠᠳᠤᠭᠠᠷ ᠵᠦᠢᠯ ᠳᠤ᠂ ᠪᠤᠰᠤᠳ ᠤᠨ ᠬᠦᠰᠡᠯ ᠰᠠᠨᠠᠭ᠎ᠠ ᠠᠴᠠ ᠵᠥᠷᠢᠴᠡᠵᠦ᠂ ᠦᠭᠡ ᠬᠡᠯᠡ᠂ ᠦᠰᠦᠭ ᠪᠢᠴᠢᠭ᠂ ᠵᠢᠷᠤᠭ ᠳᠦᠷᠰᠦ᠂ ᠪᠡᠶ᠎ᠡ ᠴᠣᠭᠴᠠ ᠶᠢᠨ ᠦᠢᠯᠡ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠪᠣᠰᠣᠳ ᠲᠤ ᠪᠡᠯᠭᠡ ᠶᠢᠨ ᠬᠠᠯᠳᠠᠯᠭ᠎ᠠ ᠬᠢᠭᠰᠡᠨ ᠪᠠᠶᠢᠪᠠᠯ᠂ ᠬᠤᠬᠢᠷᠠᠯ ᠠᠮᠰᠠᠭᠴᠢ ᠦᠢᠯᠡ ᠠᠵᠢᠯᠯᠠᠭᠠᠳᠠᠨ ᠳᠤ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠬᠤ ᠡᠷᠬᠡ ᠲᠠᠢ᠃ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠨᠢᠭᠡᠴᠡ ᠨᠦᠭᠦᠳ ᠤᠷᠢᠳᠴᠢᠯᠠᠨ ᠰᠡᠷᠭᠡᠶᠢᠯᠡᠬᠦ᠂ ᠬᠦᠯᠢᠶᠡᠨ ᠠᠪᠴᠤ ᠰᠢᠢᠳᠪᠦᠷᠢᠯᠡᠬᠦ᠂ ᠵᠠᠭᠠᠯᠳᠤᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠵᠦᠶ ᠵᠣᠬᠢᠰᠲᠠᠶ ᠠᠷᠭ᠎ᠠ ᠬᠡᠮᠵᠢᠶ᠎ᠡ ᠠᠪᠴᠤ᠂ ᠡᠷᠬᠡ ᠲᠤᠰᠢᠶᠠᠯ ᠢᠶᠠᠨ ᠠᠰᠢᠭᠯᠠᠬᠤ᠂ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠡᠯᠭᠡ ᠶᠢᠨ ᠬᠠᠯᠳᠠᠯᠭ᠎ᠠ ᠬᠢᠬᠦ ᠶᠢ ᠰᠡᠷᠭᠡᠶᠢᠯᠡᠨ ᠬᠤᠷᠢᠭᠯᠠᠨ᠎ᠠ᠃      ᠠᠰᠠᠭᠤᠯᠲᠠ ᠭᠤᠷᠪᠠ᠄ ᠭᠡᠷ ᠤᠨ ᠡᠵᠡᠨ ᠤ ︽ᠨᠢᠭᠡ ᠭᠡᠷ ᠪᠠᠶᠢᠰᠢᠩ ᠢ ᠬᠤᠶᠠᠷ ᠲᠦᠷᠢᠶᠡᠰᠦᠯᠡᠬᠦ︾᠂ ᠭᠡᠷ ᠤᠨ ᠡᠵᠡᠨ ᠪᠣᠯᠤᠨ ᠯᠢᠩ ᠰᠢᠶᠣᠤ᠂ ᠽᠢ ᠴᠢᠦ ᠶᠢᠨ ᠲᠤᠰ ᠲᠤᠰ ᠲᠣᠭᠲᠠᠭᠠᠭᠰᠠᠨ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ ᠨᠢ ᠴᠥᠮ ᠬᠦᠴᠦᠨ ᠲᠠᠢ ᠦᠦ︖ ᠯᠢᠩ ᠰᠢᠶᠤᠤ ᠬᠡᠷᠬᠢᠨ ᠡᠷᠬᠡ ᠪᠠᠨ ᠬᠠᠮᠠᠭᠠᠯᠠᠪᠠᠯ ᠵᠣᠬᠢᠬᠤ ᠪᠣᠶ︖      ︽ᠢᠷᠭᠡᠨ ᠤ ᠬᠠᠤᠯᠢ ᠶᠢᠨ ᠪᠢᠴᠢᠭ︾ ᠤᠨ ᠵᠠᠭᠤ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠳᠤ᠂ ᠦᠢᠯᠡ ᠠᠵᠢᠯᠯᠠᠭᠠᠳᠠᠨ ᠨᠢ ᠬᠠᠷᠢᠴᠠᠩᠭᠤᠶ ᠬᠥᠮᠦᠨ ᠲᠠᠢ ᠮᠠᠭᠤ ᠰᠠᠨᠠᠭ᠎ᠠ ᠲᠠᠢ ᠪᠠᠷ ᠰᠥᠯᠪᠡᠭᠡᠯᠳᠦᠵᠦ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠦᠴᠦᠨ ᠦᠭᠡᠢ᠃      ︽ᠢᠷᠭᠡᠨ ᠤ ᠬᠠᠤᠯᠢ ᠶᠢᠨ ᠪᠢᠴᠢᠭ︾ ᠤᠨ ᠵᠠᠭᠤ ᠲᠠᠪᠢᠨ ᠳᠣᠯᠣᠳᠤᠭᠠᠷ ᠵᠦᠢᠯ ᠳᠤ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠦᠴᠦᠨ ᠦᠭᠡᠢ᠂ ᠬᠦᠴᠦᠨ ᠦᠭᠡᠢ ᠪᠣᠯᠭᠠᠭᠳᠠᠭᠰᠠᠨ ᠪᠤᠶᠤ ᠬᠦᠴᠦᠨ ᠦᠭᠡᠢ ᠪᠣᠯᠤᠭᠰᠠᠨ ᠢ ᠲᠣᠭᠲᠠᠭᠠᠭᠰᠠᠨ ᠤ ᠳᠠᠷᠠᠭ᠎ᠠ᠂ ᠦᠢᠯᠡ ᠠᠵᠢᠯᠯᠠᠭᠠᠳᠠᠨ ᠤ ᠲᠤᠰ ᠦᠢᠯᠡ ᠠᠵᠢᠯᠯᠠᠭ᠎ᠠ ᠠᠴᠠ ᠪᠤᠯᠵᠤ ᠣᠯᠤᠭᠰᠠᠨ ᠡᠳ᠋ ᠬᠦᠷᠦᠩᠭᠡ ᠶᠢ ᠪᠤᠴᠠᠭᠠᠵᠤ ᠥᠭᠬᠦ ᠶᠣᠰᠣᠲᠠᠶ︔ ᠪᠤᠴᠠᠭᠠᠵᠤ ᠳᠡᠶᠢᠯᠬᠦ ᠦᠭᠡᠢ ᠪᠤᠶᠤ ᠪᠤᠴᠠᠭᠠᠬᠤ ᠴᠢᠬᠤᠯᠠ ᠦᠭᠡᠢ ᠪᠠᠶᠢᠪᠠᠯ᠂ ᠦᠨᠡᠯᠡᠨ ᠪᠤᠳᠤᠵᠤ ᠲᠦᠯᠦᠬᠦ ᠬᠡᠷᠡᠭᠲᠡᠢ᠃ ᠪᠤᠷᠤᠭᠤ ᠲᠠᠢ ᠡᠲᠡᠭᠡᠳ ᠨᠢ ᠨᠦᠬᠦᠭᠡ ᠡᠲᠡᠭᠡᠳ ᠤᠨ ᠢᠶᠠᠨ ᠡᠭᠦᠨ ᠠᠴᠠ ᠪᠣᠯᠤᠭᠰᠠᠨ ᠬᠤᠬᠢᠷᠠᠯ ᠢ ᠲᠦᠯᠦᠬᠦ ᠬᠡᠷᠡᠭᠲᠡᠢ︔ ᠬᠤᠶᠠᠷ ᠲᠠᠯ᠎ᠠ ᠶᠢᠨ ᠬᠢᠨ ᠴᠥᠮ ᠪᠤᠷᠤᠭᠤ ᠲᠠᠢ ᠪᠠᠶᠢᠪᠠᠯ᠂ ᠲᠤᠰ ᠲᠤᠰ ᠲᠤ ᠪᠠᠨ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠣᠮᠯᠠᠨ᠎ᠠ᠃      ︽ᠢᠷᠭᠡᠨ ᠤ ᠬᠠᠤᠯᠢ ᠶᠢᠨ ᠪᠢᠴᠢᠭ︾ ᠤᠨ ᠲᠠᠪᠤᠨ ᠵᠠᠭᠤ ᠳᠠᠯᠠᠨ ᠳᠣᠯᠣᠳᠤᠭᠠᠷ ᠵᠦᠢᠯ ᠳᠤ᠂ ᠲᠤᠬᠠᠶ ᠶᠢᠨ ᠬᠥᠮᠦᠨ ᠤ ᠨᠢᠭᠡ ᠲᠠᠯ᠎ᠠ ᠨᠢ ᠭᠡᠷ᠎ᠡ ᠶᠢᠨ ᠡᠭᠦᠷᠭᠡ ᠪᠠᠨ ᠭᠦᠢᠴᠡᠳᠬᠡᠬᠦ ᠤᠢᠭᠡᠢ ᠪᠤᠶᠤ ᠭᠡᠷ᠎ᠡ ᠶᠢᠨ ᠡᠭᠦᠷᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠤᠢᠭᠡᠢ ᠪᠠᠶᠢᠪᠠᠯ᠂ ᠦᠷᠭᠦᠯᠵᠢᠯᠡᠨ ᠭᠦᠢᠴᠡᠳᠬᠡᠬᠦ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠬᠤᠬᠢᠷᠠᠯ ᠢ ᠲᠦᠯᠦᠬᠦ ᠵᠡᠷᠭᠡ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ᠠᠰᠠᠭᠤᠯᠲᠠ ᠳᠦᠷᠪᠡ᠄ ᠯᠢᠩ ᠰᠢᠶᠣᠤ᠂ ᠽᠢ ᠴᠢᠦ᠂ ᠯᠢ ᠵᠢᠶᠠᠨ ᠵᠢᠶᠠᠨ ᠤ ᠣᠷᠤᠭ ᠢᠨᠠᠭ ᠤᠨ ᠡᠷᠬᠡ ᠴᠢᠯᠥᠭᠡ ᠳᠤ ᠭᠠᠷ ᠳᠦᠷᠦᠵᠦ ᠪᠣᠯᠣᠨ᠎ᠠ ᠦᠦ︖      ︽ᠢᠷᠭᠡᠨ ᠤ ᠬᠠᠤᠯᠢ ᠶᠢᠨ ᠪᠢᠴᠢᠭ︾ ᠤᠨ ᠵᠠᠭᠤ ᠳᠥᠴᠢᠨ ᠬᠤᠶᠠᠳᠤᠭᠠᠷ ᠵᠦᠢᠯ ᠳᠤ᠂ ᠡᠵᠡᠨ ᠮᠡᠳᠡᠭᠦᠯᠬᠦ ᠦᠭᠡᠢ ᠤᠷᠤᠭ ᠪᠠ ᠤᠷᠤᠭ ᠤᠨ ᠡᠷᠬᠡ ᠴᠢᠯᠥᠭᠡ ᠳᠤ ᠭᠠᠷ ᠲᠦᠷᠦᠭᠦ ᠪᠤᠰᠤᠳ ᠠᠵᠢᠯᠯᠠᠭ᠎ᠠ ᠶᠢ ᠴᠠᠭᠠᠵᠠᠯᠠᠨ᠎ᠠ ᠭᠡᠵᠦ ᠲᠣᠭᠲᠠᠭᠠᠵᠠᠢ᠃      ︽ᠢᠷᠭᠡᠨ ᠤ ᠬᠠᠤᠯᠢ ᠪᠢᠴᠢᠭ︾ ᠤᠷᠤᠭᠯᠠᠬᠤ ᠳᠤ ᠡᠷᠡᠭᠲᠡᠶ ᠡᠮᠡᠭᠲᠡᠶ ᠬᠤᠶᠠᠷ ᠡᠲᠡᠭᠡᠳ ᠪᠦᠷᠢᠮᠦᠰᠦᠨ ᠰᠠᠶᠢᠨ ᠳᠣᠷ᠎ᠠ ᠶᠢᠨ ᠪᠠᠶᠢᠬᠤ ᠬᠡᠷᠡᠭᠲᠡᠶ᠂ ᠠᠯᠢ ᠨᠢᠭᠡ ᠡᠲᠡᠭᠡᠳ ᠨᠢ ᠨᠦᠬᠦᠭᠡ ᠡᠲᠡᠭᠡᠳ ᠢᠶᠠᠨ ᠠᠯᠪᠠᠳᠠᠬᠤ ᠪᠠ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠤ ᠭᠠᠷ ᠲᠦᠷᠦᠭᠦ ᠶᠢ ᠴᠠᠭᠠᠵᠠᠯᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ