ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠬᠤᠷᠢᠨ ᠵᠢᠷᠭᠤᠭᠠᠨ ᠵᠦᠢᠯ ᠢ ᠰᠢᠨ᠎ᠡ ᠣᠨ ᠠᠴᠠ ᠡᠬᠢᠯᠡᠨ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2021/1/20
     ᠣᠶᠢᠷ᠎ᠠ ᠳᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠬᠤᠷᠢᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠠᠵᠤ ᠠᠬᠤᠶᠢᠯᠠᠯ ᠤᠨ ᠠᠵᠢᠯ ᠬᠢᠵᠦ ᠠᠳᠠᠯ ᠦᠢᠯᠡᠰ ᠪᠣᠰᠬᠠᠬᠤ ᠶᠢ ᠳᠡᠮᠵᠢᠭᠰᠡᠨ ᠪᠠᠶᠢᠨ᠎ᠠ᠃
ᠮᠠᠲ᠋ᠧᠷᠢᠶᠠᠯ ᠢ ᠬᠠᠰᠤᠬᠤ ᠲᠠᠯ᠎ᠠ ᠪᠠᠷ 8 ᠵᠤᠷᠪᠤᠰ ᠠᠷᠭ᠎ᠠ ᠬᠡᠮᠵᠢᠶ᠎ᠡ ᠳᠣᠷᠠᠳᠪᠠ᠄      ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠶᠢᠨ ᠨᠥᠬᠦᠴᠡᠯ ᠶᠣᠰᠣᠭᠠᠷ ᠡᠷᠦᠬᠡ ᠠᠮᠠ ᠣᠷᠣᠬᠤ ᠶᠢ ᠭᠦᠢᠴᠡᠳᠬᠡᠬᠦ ᠳᠤ᠂ ᠬᠤᠪᠢ ᠬᠥᠮᠦᠨ ᠤ ᠭᠤᠶᠤᠴᠢᠯᠠᠯ ᠤᠨ ᠪᠢᠴᠢᠭ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠪᠤᠶᠤ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢ ᠬᠠᠩᠭᠠᠪᠠᠯ ᠳᠠᠷᠤᠶ ᠭᠦᠢᠴᠡᠳᠬᠡᠵᠦ ᠪᠣᠯᠤᠨ᠎ᠠ᠃ ᠠᠳᠠᠯ ᠠᠬᠤᠢ ᠶᠢᠨ ᠭᠡᠷᠡᠴᠢ᠂ ᠰᠠᠭᠤᠭᠠᠯᠢ ᠠᠷᠠᠳ ᠤᠨ ᠵᠥᠪᠯᠡᠯ ᠤᠨ ᠭᠡᠷᠡᠴᠢ᠂ ᠵᠡᠭᠡᠯᠢ ᠭᠤᠳᠤᠮᠵᠢ ᠶᠢᠨ ᠭᠡᠷᠡᠴᠢ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠤᠭᠤᠴᠠᠭ᠎ᠠ ᠵᠢᠯ ᠤᠨ ᠭᠡᠷᠡᠴᠢ ᠵᠡᠷᠭᠡ ᠶᠢ ᠬᠠᠩᠭᠠᠬᠤ ᠴᠢᠬᠤᠯᠠ ᠦᠭᠡᠢ᠃      ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠣᠭᠰᠠᠨ ᠨᠥᠬᠦᠴᠡᠯ ᠶᠣᠰᠣᠭᠠᠷ ᠡᠷᠦᠬᠡ ᠠᠮᠠ ᠣᠷᠣᠬᠤ ᠶᠢ ᠭᠦᠢᠴᠡᠳᠬᠡᠬᠦ ᠳᠤ᠂ ᠬᠤᠪᠢ ᠬᠥᠮᠦᠨ ᠤ ᠭᠤᠶᠤᠴᠢᠯᠠᠯ ᠤᠨ ᠪᠢᠴᠢᠭ᠂ ᠠᠵᠢᠯᠯᠠᠬᠤ ᠪᠠᠶᠢᠭᠤᠯᠭ᠎ᠠ ᠨᠢᠭᠡᠴᠢ ᠲᠠᠢ ᠲᠣᠭᠲᠠᠭᠠᠭᠰᠠᠨ ᠬᠦᠳᠡᠯᠮᠦᠷᠢ ᠶᠢᠨ ᠭᠡᠷ᠎ᠡ ᠪᠤᠶᠤ ᠦᠢᠯᠡᠳᠪᠦᠷᠢ ᠬᠤᠳᠠᠯᠳᠤᠭᠠᠨ ᠤ ᠦᠨᠡᠮᠯᠡᠯ ᠢ ᠬᠠᠩᠭᠠᠪᠠᠯ ᠳᠠᠷᠤᠢ ᠭᠦᠢᠴᠡᠳᠬᠡᠯ ᠬᠢᠵᠦ ᠪᠣᠯᠤᠨ᠎ᠠ᠃ ᠠᠳᠠᠯ ᠠᠬᠤᠢ ᠶᠢᠨ ᠭᠡᠷᠡᠴᠢ᠂ ᠰᠠᠭᠤᠭᠠᠯᠢ ᠠᠷᠠᠳ ᠤᠨ ᠵᠥᠪᠯᠡᠯ ᠤᠨ ᠭᠡᠷᠡᠴᠢ᠂ ᠵᠡᠭᠡᠯᠢ ᠭᠤᠳᠤᠮᠵᠢ ᠶᠢᠨ ᠭᠡᠷᠡᠴᠢ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠤᠭᠤᠴᠠᠭ᠎ᠠ ᠵᠢᠯ ᠤᠨ ᠭᠡᠷᠡᠴᠢ ᠵᠡᠷᠭᠡ ᠶᠢ ᠬᠠᠩᠭᠠᠬᠤ ᠴᠢᠬᠤᠯᠠ ᠦᠭᠡᠢ᠃      ᠳᠡᠭᠡᠳᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠣᠮᠣ ᠳᠤᠮᠳᠠ ᠪᠠᠭ᠎ᠠ ᠬᠤᠲᠠ᠂ ᠪᠠᠶᠢᠭᠤᠯᠤᠮᠵᠢᠲᠤ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠣᠴᠢᠯᠠᠬᠤ ᠳᠤ᠂ ᠬᠤᠪᠢ ᠬᠥᠮᠦᠨ ᠤ ᠭᠤᠶᠤᠴᠢᠯᠠᠯ ᠤᠨ ᠪᠢᠴᠢᠭ᠂ ᠰᠤᠷᠤᠯᠭ᠎ᠠ ᠲᠡᠭᠦᠰᠦᠭᠰᠡᠨ ᠦᠨᠡᠮᠯᠡᠯ᠂ ᠮᠡᠷᠭᠡᠵᠢᠯ ᠤᠨ ᠵᠡᠷᠭᠡ ᠳᠡᠰ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠢ ᠬᠠᠩᠭᠠᠵᠤ ᠭᠦᠢᠴᠡᠳᠬᠡᠯ ᠬᠢᠵᠦ ᠪᠣᠯᠤᠨ᠎ᠠ᠃ ᠣᠷᠣᠨ ᠰᠠᠭᠤᠴᠠ ᠶᠢᠨ ᠭᠡᠷᠡᠴᠢ᠂ ᠠᠵᠢᠯ ᠣᠯᠤᠭᠰᠠᠨ ᠭᠡᠷᠡᠴᠢ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠤᠭᠤᠴᠠᠭ᠎ᠠ ᠵᠢᠯ ᠤᠨ ᠭᠡᠷᠡᠴᠢ ᠵᠡᠷᠭᠡ ᠶᠢ ᠬᠠᠩᠭᠠᠬᠤ ᠴᠢᠬᠤᠯᠠ ᠥᠬᠡᠶ᠃      ᠠᠳᠠᠯᠢ ᠨᠢᠭᠡᠨ ᠬᠤᠲᠠ᠂ ᠪᠠᠶᠢᠭᠤᠯᠤᠮᠵᠢᠲᠤ ᠪᠠᠯᠭᠠᠰᠤᠨ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠬᠥᠮᠦᠰ ᠡᠷᠦᠬᠡ ᠠᠮᠠ ᠣᠷᠣᠬᠤ ᠪᠠᠷ ᠭᠤᠶᠣᠴᠢᠯᠠᠬᠤ ᠳᠤ᠂ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠵᠠᠷᠴᠢᠮ ᠶᠣᠰᠣᠭᠠᠷ᠂ ᠲᠤᠰ ᠬᠥᠮᠦᠨ ᠤ ᠭᠤᠶᠤᠴᠢᠯᠠᠯ ᠤᠨ ᠪᠢᠴᠢᠭ᠂ ᠦᠷᠭᠦᠯᠵᠢᠯᠡᠨ ᠣᠷᠣᠰᠢᠨ ᠰᠠᠭᠤᠭᠰᠠᠨ ᠭᠡᠷᠡᠴᠢ ᠶᠢ ᠬᠠᠩᠭᠠᠪᠠᠯ ᠳᠠᠷᠤᠶ ᠭᠦᠢᠴᠡᠳᠬᠡᠵᠦ ᠪᠣᠯᠤᠨ᠎ᠠ᠃ ᠣᠷᠣᠨ ᠰᠠᠭᠤᠴᠠ ᠶᠢᠨ ᠭᠡᠷᠡᠴᠢ᠂ ᠠᠵᠢᠯ ᠣᠯᠤᠭᠰᠠᠨ ᠭᠡᠷᠡᠴᠢ᠂ ᠬᠤᠲᠠ ᠪᠠᠯᠭᠠᠰᠤ ᠶᠢᠨ ᠨᠡᠶᠢᠭᠡᠮ  ᠤᠨ  ᠳᠠᠭᠠᠳᠬᠠᠯ ᠳᠤ ᠣᠷᠣᠯᠴᠠᠭᠰᠠᠨ ᠭᠡᠷᠡᠴᠢ ᠵᠡᠷᠭᠡ ᠶᠢ ᠬᠠᠩᠭᠠᠬᠤ ᠴᠢᠬᠤᠯᠠ ᠥᠬᠡᠶ᠃      ᠡᠴᠢᠭᠡ ᠡᠬᠡ᠂ ᠦᠷ᠎ᠡ ᠬᠡᠦᠬᠡᠳ ᠨᠢ ᠲᠦᠰᠢᠭ ᠪᠣᠯᠵᠤ ᠡᠷᠦᠬᠡ ᠠᠮᠠ ᠣᠷᠣᠬᠤ ᠶᠢ ᠭᠦᠢᠴᠡᠳᠬᠡᠬᠦ ᠳᠤ᠂ ᠲᠤᠰ ᠬᠥᠮᠦᠨ ᠤ ᠭᠤᠶᠤᠴᠢᠯᠠᠯ ᠤᠨ ᠪᠢᠴᠢᠭ᠂ ᠬᠠᠷᠢᠴᠠᠭᠠᠨ ᠤ ᠭᠡᠷᠡᠴᠢ ᠶᠢ ᠬᠠᠩᠭᠠᠪᠠᠯ ᠳᠠᠷᠤᠶ ᠭᠦᠢᠴᠡᠳᠬᠡᠵᠦ ᠪᠣᠯᠣᠨ᠎ᠠ᠃ ᠣᠷᠤᠭ ᠤᠨ ᠪᠠᠶᠢᠳᠠᠯ ᠤᠨ ᠭᠡᠷᠡᠴᠢ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠭᠡᠷᠡᠴᠢ ᠪᠠ ᠣᠷᠣᠨ ᠰᠠᠭᠤᠴᠠ ᠶᠢᠨ ᠲᠠᠯᠠᠪᠠᠶ ᠶᠢᠨ ᠭᠡᠷᠡᠴᠢ ᠬᠠᠩᠭᠠᠬᠤ ᠴᠢᠬᠤᠯᠠ ᠥᠬᠡᠶ᠃      ᠣᠷᠣᠨ ᠤ ᠳᠣᠲᠣᠷ᠎ᠠ ᠠᠶᠢᠮᠠᠭ ᠬᠤᠲᠠ ᠠᠯᠤᠰᠯᠠᠨ ᠡᠷᠦᠬᠡ ᠠᠮᠠ ᠰᠢᠯᠵᠢᠭᠦᠯᠬᠦ ᠳᠤ ︽ᠨᠢᠭᠡ ᠥᠷᠲᠡᠭᠡ ᠮᠠᠶ᠋ᠢᠭ︾ ᠢ ᠬᠡᠷᠡᠭᠵᠢᠭᠦᠯᠦᠨ᠎ᠡ᠃ ᠣᠷᠣᠨ ᠤ ᠳᠣᠲᠣᠷ᠎ᠠ ᠡᠷᠦᠬᠡ ᠠᠮᠠ ᠰᠢᠯᠵᠢᠭᠦᠯᠬᠦ ᠶᠢ ᠭᠦᠢᠴᠡᠳᠬᠡᠬᠦ ᠬᠥᠮᠦᠰ ᠰᠢᠯᠵᠢᠨ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠭᠤᠶᠤᠴᠢᠯᠠᠨ ᠭᠦᠢᠴᠡᠳᠬᠡᠵᠦ᠂ ᠡᠷᠦᠬᠡ ᠠᠮᠠ ᠶᠢ ᠵᠥᠪᠰᠢᠶᠡᠷᠡᠨ ᠰᠢᠯᠵᠢᠭᠦᠯᠬᠦ ᠪᠠ ᠰᠢᠯᠵᠢᠭᠦᠯᠬᠦ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠳᠠᠮᠵᠢᠭᠤᠯᠣᠨ᠎ᠠ᠃ ᠴᠠᠭᠠᠰᠤᠨ ︽ᠡᠷᠦᠬᠡ ᠠᠮᠠ ᠰᠢᠯᠵᠢᠭᠦᠯᠬᠦ ᠵᠥᠪᠰᠢᠶᠡᠷᠡᠯ ᠤᠨ ᠦᠨᠡᠮᠯᠡᠯ︾ ᠪᠠ ︽ᠡᠷᠦᠬᠡ ᠠᠮᠠ ᠰᠢᠯᠵᠢᠭᠦᠯᠬᠦ ᠦᠨᠡᠮᠯᠡᠯ︾ ᠢ ᠬᠦᠴᠦᠨ ᠦᠭᠡᠢ ᠪᠣᠯᠭᠠᠨ᠎ᠠ᠃      ᠡᠷᠦᠬᠡ ᠠᠮᠠ ᠣᠷᠣᠬᠤ ᠲᠤᠬᠠᠶᠢᠯᠠᠭᠰᠠᠨ ᠭᠠᠷ ᠭᠦᠢᠴᠡᠳᠬᠡᠯ ᠬᠢᠬᠦ ᠦᠶ᠎ᠡ ᠳᠤ᠂ ᠡᠷᠦᠬᠡ ᠠᠮᠠ ᠣᠷᠣᠭᠤᠯᠬᠤ ᠭᠠᠵᠠᠷ ᠤᠨ ᠪᠣᠳᠠᠲᠠᠶ ᠰᠠᠭᠤᠭ᠎ᠠ ︵ᠭᠡᠷ ᠪᠠᠶᠢᠰᠢᠩ ᠤᠨ ᠣᠷᠣᠵᠤ ᠰᠠᠭᠤᠭᠰᠠᠨ︶ ᠪᠠᠶᠢᠳᠠᠯ ᠤᠨ ᠪᠠᠶᠢᠴᠠᠭᠠᠯᠲᠠ ᠳᠤ ᠨᠡᠶᠢᠭᠡᠮ ᠲᠣᠭᠤᠷᠢᠭ ᠤᠨ ᠠᠷᠠᠳ   ᠤᠨ  ᠴᠠᠭᠳᠠᠭ᠎ᠠ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠠᠴᠠ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤ ᠨᠢ ᠡᠷᠦᠬᠡ ᠠᠮᠠ ᠶᠢᠨ ᠳᠠᠩᠰᠠ ᠬᠠᠷᠢᠭᠤᠴᠠᠬᠤ ᠠᠵᠢᠯᠲᠠᠨ ᠳᠤ ᠬᠠᠩᠭᠠᠵᠤ᠂ ᠣᠯᠠᠨ ᠲᠦᠮᠡᠨ ᠣᠷᠣᠰᠢᠨ ᠰᠠᠭᠤᠬᠤ ᠭᠠᠵᠠᠷ ᠤᠨ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠ ᠦᠭᠡᠶ᠂ ᠣᠯᠠᠨ ᠲᠦᠮᠡᠨ ᠢ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢ ᠡᠷᠢᠵᠦ ᠭᠠᠷ ᠤᠨ ᠦᠰᠦᠭ ᠵᠢᠷᠤᠭᠤᠯᠵᠤ ᠨᠤᠲᠠᠯᠠᠭᠤᠯᠬᠤ ᠪᠠᠷ ᠱᠠᠭᠠᠷᠳᠠᠵᠤ ᠪᠣᠯᠬᠤ ᠦᠭᠡᠶ᠃      ᠬᠤᠪᠢ ᠬᠥᠮᠦᠨ ᠤ ᠮᠠᠰᠢᠨ ᠲᠡᠷᠭᠡ ᠶᠢ ᠳᠠᠩᠰᠠᠯᠠᠭᠤᠯᠬᠤ ᠳᠤ ᠪᠡᠶ᠎ᠡ ᠶᠢᠨ ᠦᠨᠡᠮᠯᠡᠯ ᠢᠶᠠᠷ ᠪᠦᠬᠦ ᠣᠷᠣᠨ ᠳᠤ ᠨᠡᠶᠢᠳᠡᠮ ᠭᠦᠢᠴᠡᠳᠬᠡᠬᠦ ᠶᠢ ᠬᠡᠷᠡᠭᠵᠢᠭᠦᠯᠵᠦ᠂ ᠡᠷᠦᠬᠡ ᠠᠮᠠ ᠨᠢ ᠣᠷᠣᠨ ᠤ ᠳᠣᠲᠣᠷ᠎ᠠ ᠭᠠᠵᠠᠷ ᠪᠠᠶᠢᠭ᠎ᠠ ᠰᠠᠭᠤᠭᠠᠯᠢ ᠠᠷᠠᠳ ᠬᠤᠲᠠ ᠠᠯᠤᠰᠯᠠᠨ ᠡᠵᠡᠩᠨᠡᠯᠲᠡ ᠶᠢᠨ ᠪᠤᠰᠤ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡ ᠶᠢ ᠳᠠᠩᠰᠠᠯᠠᠭᠤᠯᠬᠤ ᠪᠠᠷ ᠭᠤᠶᠣᠴᠢᠯᠠᠬᠤ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠰᠢᠭᠤᠳ ᠭᠦᠢᠴᠡᠳᠬᠡᠵᠦ ᠪᠣᠯᠤᠨ᠎ᠠ᠃ ᠣᠷᠣᠰᠢᠨ ᠰᠠᠭᠤᠬᠤ ᠦᠨᠡᠮᠯᠡᠯ ᠪᠤᠶᠤ ᠣᠷᠣᠰᠢᠨ ᠰᠠᠭᠤᠬᠤ ᠳᠠᠩᠰᠠᠯᠠᠯ ᠤᠨ ᠭᠡᠷᠡᠴᠢ ᠪᠠᠷᠢᠮᠲᠠ ᠲᠤᠰᠢᠶᠠᠬᠤ ᠴᠢᠬᠤᠯᠠ ᠦᠭᠡᠢ︔ ᠮᠠᠨ ᠤ ᠣᠷᠣᠨ ᠤ ᠬᠢᠨᠠᠨ ᠣᠯᠭᠤᠭᠰᠠᠨ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠠᠯ ᠲᠠᠢ ᠪᠠᠶᠢᠪᠠᠯ᠂ ᠵᠥᠪᠬᠡᠨ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠠᠯ ᠢᠶᠠᠨ ᠲᠣᠰᠢᠶᠠᠪᠠᠯ ᠪᠣᠯᠴᠢᠬᠠᠨ᠎ᠠ︔ ᠣᠯᠠᠨ ᠲᠦᠮᠡᠨ ᠤ ᠣᠷᠣᠨ ᠤ ᠳᠣᠲᠣᠷ᠎ᠠ ᠣᠨᠳᠣᠤ ᠭᠠᠵᠠᠷ ᠲᠤ ᠲᠡᠷᠭᠡ ᠬᠤᠳᠠᠯᠳᠤᠨ ᠠᠪᠴᠤ ᠳᠠᠩᠰᠠᠯᠠᠭᠤᠯᠬᠤ ᠳᠤ ᠦᠨᠡᠨ ᠬᠦ ᠲᠥᠬᠦᠮ ᠦᠵᠡᠭᠦᠯᠦᠨ᠎ᠡ᠃ᠠᠯᠬᠤᠮ ᠳᠠᠷᠠᠭ᠎ᠠ ᠶᠢ ᠪᠠᠭᠠᠰᠬᠠᠬᠤ ᠲᠠᠯ᠎ᠠ ᠪᠠᠷ 4 ᠵᠤᠷᠪᠤᠰ ᠠᠷᠭ᠎ᠠ ᠬᠡᠮᠵᠢᠶ᠎ᠡ ᠳᠣᠷᠠᠳᠪᠠ᠄      ᠡᠩ ᠤᠨ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠣᠷᠣᠨ ᠤ ᠳᠣᠲᠣᠷ᠎ᠠ ᠬᠤᠪᠢᠶᠠᠷᠢ ᠺᠣᠮᠫᠠᠨᠢ ᠪᠠᠶᠢᠭᠤᠯᠵᠤ ᠳᠠᠩᠰᠠᠯᠠᠭᠤᠯᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠭᠦᠢᠴᠡᠳᠬᠡᠬᠦ ᠴᠢᠬᠤᠯᠠ ᠦᠭᠡᠶ᠃ ᠬᠠᠮᠢᠶ᠎ᠠ ᠪᠦᠬᠦᠢ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠤᠪᠢᠶᠠᠷᠢ ᠺᠣᠮᠫᠠᠨᠢ ᠪᠠᠶᠢᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠡᠳᠡᠭᠡ ᠵᠠᠩᠭᠢ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠭᠡᠵᠦ᠂ ᠠᠵᠢᠯ ᠡᠷᠬᠢᠯᠡᠬᠦ ᠠᠵᠤ ᠠᠬᠤᠶᠢᠯᠠᠯ ᠨᠢ ᠬᠤᠪᠢᠶᠠᠷᠢ ᠺᠣᠮᠫᠠᠨᠢ ᠶᠢᠨ ᠪᠠᠶᠢᠭ᠎ᠠ ᠭᠠᠵᠠᠷ ᠲᠤ ᠬᠠᠷᠢᠶ᠎ᠠ ᠣᠷᠣᠨ ᠲᠣᠭᠲᠠᠭᠠᠭᠰᠠᠨ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠠᠲ᠋ᠧᠷᠢᠶᠠᠯ ᠢᠶᠠᠨ ᠲᠤᠰᠢᠶᠠᠵᠤ ᠳᠠᠩᠰᠠᠯᠠᠭᠤᠯᠬᠤ ᠴᠢᠬᠤᠯᠠ ᠦᠭᠡᠶ᠃      ︽ᠵᠠᠮ ᠬᠠᠷᠢᠯᠴᠠᠭᠠᠨ ᠤ ᠬᠠᠮᠢᠶᠠᠷᠤᠯᠲᠠ 12123︾ ᠭᠠᠷ ᠤᠲᠠᠰᠤᠨ ᠤ APP ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠣᠨ ᠳᠦᠷᠢᠶᠡᠰᠦᠯᠡᠭᠰᠡᠨ ᠬᠤᠭᠤᠴᠠᠭᠠᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠲᠦᠷᠢᠶᠡᠰᠦᠯᠡᠵᠦ ᠪᠠᠶᠢᠭ᠎ᠠ ᠵᠢᠯᠣᠭᠤᠴᠢ ᠳᠤ ᠴᠠᠭ ᠲᠤᠬᠠᠶ ᠳᠤ ᠨᠢ ᠮᠡᠳᠡᠭᠳᠡᠵᠦ᠂ ᠵᠢᠯᠣᠭᠤᠴᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠢᠳᠪᠦᠷᠢᠯᠡᠵᠦ᠂ ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠰᠢᠢᠳᠪᠦᠷᠢᠯᠡᠬᠦ ᠳᠤ ᠬᠡᠷᠡᠭᠰᠡᠬᠦ ᠵᠠᠷᠣᠳᠠᠯ ᠪᠣᠯᠤᠨ ᠴᠠᠭ ᠬᠤᠭᠤᠴᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠳᠦᠷᠢᠶᠡᠰᠦᠯᠡᠭᠰᠡᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃      ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ᠢᠨᠲ᠋ᠧᠷ ᠰᠦᠯᠵᠢᠶᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠤᠨ ᠬᠠᠤᠯᠢ ᠠᠴᠠ ᠵᠥᠷᠢᠴᠡᠭᠰᠡᠨ ᠲᠣᠷᠭᠠᠭᠤᠯᠢ ᠶᠢᠨ ᠮᠦᠩᠬᠦ ᠶᠢ ᠲᠤᠰᠢᠶᠠᠬᠤ ᠠᠷᠭ᠎ᠠ ᠵᠠᠮ ᠢ ᠦᠷᠭᠡᠳᠬᠡᠨ᠂ ᠸᠢᠴᠠᠲ᠂ ᠲᠣᠭᠠᠴᠠᠭ᠎ᠠ ᠬᠢᠬᠦ ᠡᠷᠳᠡᠨᠢ᠂ ᠪᠠᠩᠬᠢ ᠶᠢᠨ ᠺᠠᠷᠲ ᠢᠶᠠᠷ ᠴᠥᠮ ᠲᠤᠰᠢᠶᠠᠵᠤ  ᠪᠣᠯᠬᠤ ᠪᠣᠯᠭᠠᠨ᠎ᠠ᠃      ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠣᠳᠠᠲᠠᠶ ᠬᠡᠷᠡᠭᠵᠢᠭᠦᠯᠬᠦ ᠬᠡᠪᠴᠢᠶ᠎ᠡ ᠨᠢ ᠮᠣᠲ᠋ᠣᠷ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ᠂ ᠭᠤᠷᠪᠠᠨ ᠬᠦᠷᠳᠦᠲᠦ ᠲᠡᠷᠭᠡ ᠠᠴᠠ ᠪᠤᠰᠤᠳ ᠬᠡᠯᠪᠡᠷᠢ ᠶᠢᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠪᠣᠯᠤᠨ᠎ᠠ᠃ᠴᠠᠭ ᠤᠨ ᠬᠢᠵᠠᠭᠠᠷ ᠢ ᠬᠠᠰᠤᠬᠤ ᠲᠠᠯ᠎ᠠ ᠪᠠᠷ 4 ᠠᠷᠭ᠎ᠠ ᠬᠡᠮᠵᠢᠶ᠎ᠡ ᠳᠤᠷᠠᠳᠪᠠ᠄      ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠭᠠᠵᠠᠷ ᠪᠣᠯᠤᠨ ᠲᠤᠬᠠᠶᠢᠯᠠᠭᠰᠠᠨ ᠠᠵᠢᠯ ᠤᠨ ᠬᠥᠮᠥᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠭᠠᠵᠠᠷ ᠪᠣᠯᠤᠨ ᠲᠤᠬᠠᠶᠢᠯᠠᠭᠰᠠᠨ ᠠᠵᠢᠯ ᠤᠨ ᠬᠥᠮᠥᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠪᠠ ᠪᠠᠷᠢᠯᠭ᠎ᠠ ᠶᠢ ᠰᠢᠯᠭᠠᠨ ᠠᠪᠬᠤ ᠴᠠᠭ ᠬᠤᠭᠤᠴᠠᠭ᠎ᠠ ᠶᠢ 20 ᠡᠳᠦᠷ ᠪᠠᠶᠢᠭᠰᠠᠨ ᠠᠴᠠ ᠨᠢ 15 ᠡᠳᠦᠷ ᠪᠣᠯᠭᠠᠨ ᠪᠣᠭᠤᠨᠢᠰᠬᠠᠨ᠎ᠠ᠃      ᠰᠢᠨ᠎ᠡ ᠪᠠᠷ ᠡᠷᠭᠢᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠲᠠᠮᠠᠭ᠎ᠠ ᠰᠡᠶᠢᠯᠬᠦ ᠴᠠᠭ ᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃      ᠥᠪᠡᠰᠦᠪᠡᠨ ᠡᠯᠰᠡᠭᠰᠡᠨ ᠠᠮᠤᠷ ᠢ ᠬᠠᠮᠠᠭᠠᠯᠠᠭᠴᠢ ᠶᠢ ᠪᠦᠷᠢᠳᠬᠡᠨ ᠳᠠᠩᠰᠠᠯᠠᠬᠤ᠂ ᠠᠮᠤᠷ ᠢ ᠬᠠᠮᠠᠭᠠᠯᠠᠬᠤ ᠺᠣᠮᠫᠠᠨᠢ ᠨᠢ ᠲᠣᠰ ᠠᠶᠢᠮᠠᠭ ᠬᠤᠲᠠ ᠶᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠦᠶᠯᠡᠴᠢᠯᠡᠭᠡ ᠶᠢ ᠪᠦᠷᠢᠳᠬᠡᠨ ᠳᠠᠩᠰᠠᠯᠠᠬᠤ᠂ ᠠᠮᠤᠷ ᠢ ᠬᠠᠮᠠᠭᠠᠯᠠᠬᠤ ᠦᠨᠡᠮᠯᠡᠯ ᠢ ᠨᠥᠬᠦᠨ ᠭᠦᠶᠴᠡᠳᠬᠡᠬᠦ ᠵᠡᠷᠭᠡ ᠲᠤᠬᠠᠶᠢᠯᠠᠭᠰᠠᠨ ᠠᠵᠢᠯ ᠢ ᠬᠡᠷᠡᠭᠵᠢᠭᠦᠯᠵᠦ᠂ ᠭᠤᠶᠤᠴᠢᠯᠠᠭᠴᠢ ᠶᠢᠨ ᠬᠠᠮᠢᠶ᠎ᠠ ᠪᠥᠬᠦᠶ ᠮᠠᠲ᠋ᠧᠷᠢᠶᠠᠯ ᠨᠢ ᠪᠦᠷᠢᠨ ᠭᠦᠶᠴᠡᠳ ᠪᠠᠶᠢᠬᠤ ᠪᠠᠶᠢᠳᠠᠯ ᠳᠣᠤᠷ᠎ᠠ᠂ ᠣᠣᠯ ᠤᠨ 20 ᠠᠵᠢᠯᠯᠠᠬᠤ ᠡᠳᠦᠷ ᠢ ᠪᠣᠭᠤᠨᠢᠰᠬᠠᠭᠠᠳ ᠪᠠᠷᠢᠨ ᠭᠦᠶᠴᠡᠳᠬᠡᠬᠦ ᠪᠣᠯᠭᠠᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠦᠨᠡᠮᠯᠡᠯ ᠭᠦᠶᠴᠡᠳᠬᠡᠬᠦ ᠪᠠᠷ ᠭᠤᠶᠤᠴᠢᠯᠠᠬᠤ ᠴᠠᠭ ᠬᠤᠭᠤᠴᠠᠭ᠎ᠠ ᠶᠢ 7 ᠠᠵᠢᠯᠯᠠᠬᠤ ᠡᠳᠦᠷ ᠠᠴᠠ 5 ᠠᠵᠢᠯᠯᠠᠬᠤ ᠡᠳᠦᠷ ︵ᠰᠢᠤᠳᠠᠨ ᠢᠶᠠᠷ ᠢᠯᠡᠭᠡᠬᠦ ᠴᠠᠭ ᠪᠠᠭᠲᠠᠬᠤ ᠥᠬᠡᠶ︶ ᠪᠣᠯᠭᠠᠨ ᠨᠢᠭᠡᠳᠦᠯᠲᠡᠶ ᠳᠣᠭᠢᠷᠠᠭᠤᠯᠤᠨ᠎ᠠ᠃ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠯ᠎ᠠ ᠪᠠᠷ 4 ᠵᠦᠶᠯ ᠤᠨ ᠠᠷᠭ᠎ᠠ ᠬᠡᠮᠵᠢᠶ᠎ᠡ ᠳᠤᠷᠠᠳᠪᠠ᠄      ᠪᠠᠭᠤᠳᠠᠯ ᠤᠨ ᠦᠢᠯᠡᠰ᠂ ᠠᠯᠪᠠᠨ ᠲᠠᠮᠠᠭ᠎ᠠ ᠰᠡᠶᠢᠯᠦᠨ ᠦᠢᠯᠡᠳᠬᠦ ᠦᠢᠯᠡᠰ ᠤᠨ ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠭᠤᠶᠤᠴᠢᠯᠠᠭᠴᠢ ᠳᠤ ᠬᠡᠷᠡᠭᠰᠡᠬᠦ ᠮᠠᠲ᠋ᠧᠷᠢᠶᠠᠯ᠂ ᠵᠠᠩᠭᠢᠯᠠᠭ᠎ᠠ ᠶᠢᠨ ᠪᠤᠰᠤ ᠭᠤᠤᠯ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠶᠢᠨ ᠬᠠᠮᠲᠤ᠂ ᠵᠣᠬᠢᠬᠤ ᠬᠤᠭᠤᠴᠠᠭᠠᠨ ᠳᠣᠲᠣᠷ᠎ᠠ ᠮᠠᠲ᠋ᠧᠷᠢᠶᠠᠯ ᠢᠶᠠᠨ ᠨᠥᠬᠦᠵᠦ ᠪᠦᠷᠢᠳᠦᠭᠦᠯᠬᠦ ᠪᠠᠷ ᠭᠤᠶᠤᠴᠢᠯᠠᠭᠴᠢ ᠠᠮᠠᠯᠠᠭᠰᠠᠨ ᠪᠠᠶᠢᠪᠠᠯ᠂ ᠣᠨᠴᠠᠭᠠᠢ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠢ ᠲᠡᠷᠡ ᠳᠣᠤᠷ᠎ᠠ ᠨᠢ ᠬᠢᠨᠠᠨ ᠵᠥᠪᠰᠢᠶᠡᠷᠡᠵᠦ ᠬᠠᠷᠭᠤᠭᠤᠯᠤᠨ ᠣᠯᠭᠤᠨ᠎ᠠ᠃ ᠠᠯᠪᠠᠨ ᠲᠠᠮᠠᠭ᠎ᠠ ᠰᠡᠶᠢᠯᠬᠦ ᠵᠥᠪᠰᠢᠶᠡᠷᠡᠯ ᠳᠤ ᠲᠤᠭ᠎ᠠ ᠬᠡᠮᠵᠢᠶᠡᠨ ᠤ ᠬᠢᠵᠠᠭᠠᠷᠯᠠᠯ ᠲᠣᠭᠲᠠᠭᠠᠬᠤ ᠦᠭᠡᠢ᠃      ᠣᠷᠣᠰᠢᠨ ᠰᠠᠭᠤᠬᠤ ᠦᠨᠡᠮᠯᠡᠯ ᠭᠦᠶᠴᠡᠳᠬᠡᠬᠦ ᠶᠢᠨ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠵᠦ᠂ ᠮᠠᠨ ᠤ ᠣᠷᠣᠨ ᠤ ᠲᠥᠪᠯᠡᠷᠡᠭᠦᠯᠦᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠦᠨᠡᠮᠯᠡᠯ ᠬᠡᠷᠡᠭᠯᠡᠬᠦ ᠪᠠᠴᠢᠮ ᠬᠡᠷᠡᠭᠴᠡᠭᠡ ᠲᠠᠢ ᠭᠠᠳᠠᠨ᠎ᠠ ᠠᠴᠠ ᠢᠷᠡᠵᠦ ᠬᠤᠳᠠᠯᠳᠤᠭ᠎ᠠ ᠡᠷᠭᠢᠯᠡᠭᠰᠡᠳ ᠲᠤ ᠤᠷᠢᠳᠴᠢᠯᠠᠨ ᠪᠣᠯᠵᠣᠵᠤ ᠦᠨᠡᠮᠯᠡᠯ ᠭᠦᠶᠴᠡᠳᠬᠡᠬᠦ ᠦᠶᠯᠡᠴᠢᠯᠡᠭᠡ ᠬᠠᠩᠭᠠᠨ᠎ᠠ᠃      ᠭᠠᠳᠠᠭᠠᠳᠤ ᠳᠤ ︵ᠬᠢᠯᠢ︶ ᠭᠠᠷᠬᠤ ᠪᠠᠴᠢᠮ ᠬᠡᠷᠡᠭᠴᠡᠭᠡ ᠲᠠᠢ ᠬᠦᠨᠳᠦ ᠡᠪᠡᠳᠴᠢᠲᠡᠨ ᠳᠤ ᠬᠡᠷ ᠲᠤ ᠨᠢ ᠬᠦᠷᠴᠦ  ᠬᠢᠯᠢ  ᠪᠠᠷ  ᠣᠷᠣᠵᠤ  ᠭᠠᠷᠬᠤ  ᠭᠡᠷᠡᠴᠢ ᠦᠨᠡᠮᠯᠡᠯ ᠭᠦᠶᠴᠡᠳᠬᠡᠬᠦ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ︵ᠤᠲᠠᠰᠤ ᠪᠠᠷ︶ ᠤᠷᠢᠳᠴᠢᠯᠠᠨ ᠪᠣᠯᠵᠣᠬᠤ ᠪᠠᠷ ᠳᠡᠮᠵᠢᠨ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠷᠢᠳᠴᠢᠯᠠᠨ ᠪᠣᠯᠵᠣᠬᠤ ᠰᠠᠨᠠᠭᠤᠯᠭ᠎ᠠ ᠶᠢ ᠣᠯᠤᠭᠰᠠᠨ ᠤ ᠳᠠᠷᠠᠭ᠎ᠠ 24 ᠴᠠᠭ ᠤᠨ ᠳᠣᠲᠣᠷ᠎ᠠ ᠬᠡᠷ ᠲᠤ ᠨᠢ ᠬᠦᠷᠴᠦ ᠭᠦᠶᠴᠡᠳᠬᠡᠨ᠎ᠡ᠃      ᠮᠠᠰᠢᠨᠲᠤ ᠲᠡᠷᠭᠡ ᠶᠢ ᠦᠯᠡᠳᠡᠭᠡᠵᠦ ᠠᠪᠬᠤ ᠳᠤ ᠪᠠᠨ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠢ ᠴᠢᠩᠭ᠎ᠠ ᠵᠢᠷᠣᠮᠯᠠᠵᠣ᠂ ᠡᠷᠡᠭᠦᠦ ᠶᠢᠨ ᠬᠡᠷᠡᠭ ᠲᠤ ᠬᠤᠯᠪᠣᠭᠳᠠᠬᠤ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠴᠢᠬᠤᠯᠠ ᠲᠠᠢ ᠵᠡᠷᠭᠡ ᠬᠠᠤᠯᠢ ᠴᠠᠭᠠᠵᠠ ᠶᠢᠨ ᠲᠣᠭᠲᠠᠭᠠᠯ ᠪᠦᠬᠦᠢ ᠪᠠᠶᠢᠳᠠᠯ ᠳᠤ ᠦᠯᠡᠳᠡᠭᠡᠵᠦ ᠠᠪᠬᠤ ᠴᠢᠬᠤᠯᠠ ᠲᠠᠢ ᠶᠢ ᠭᠠᠷᠭᠠᠪᠠᠯ᠂ ᠡᠩ ᠤᠨ ᠬᠠᠤᠯᠢ ᠠᠴᠠ ᠵᠥᠷᠢᠴᠡᠭᠰᠡᠨ ᠪᠤᠶᠤ ᠵᠠᠮ ᠬᠠᠷᠢᠯᠴᠠᠭᠠᠨ ᠤ ᠠᠳᠡᠯ ᠤᠨ ᠮᠠᠰᠢᠨᠲᠤ ᠲᠡᠷᠭᠡ ᠶᠢ ᠲᠦᠷ ᠦᠯᠡᠳᠡᠭᠡᠵᠦ ᠠᠪᠴᠣ ᠪᠣᠯᠬᠤ ᠦᠭᠡᠶ᠃ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ 6 ᠵᠦᠶᠯ ᠤᠨ ᠠᠷᠭ᠎ᠠ ᠬᠡᠮᠵᠢᠶ᠎ᠡ ᠳᠣᠷᠠᠳᠪᠠ᠄      ᠠᠵᠦ ᠠᠬᠤᠢ ᠶᠢᠨ ᠶᠠᠯᠠᠲᠦ ᠬᠡᠷᠡᠭ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠵᠦ ᠠᠬᠤᠢ ᠶᠢᠨ ᠶᠠᠯᠠᠲᠦ ᠬᠡᠷᠡᠭ ᠲᠤ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠤᠨ᠂ ᠺᠣᠮᠫᠠᠨᠢ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠷᠰᠢᠯᠠᠭᠰᠠᠨ ᠵᠡᠷᠭᠡ ᠠᠵᠤ ᠠᠬᠤᠶᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠮᠤᠷ ᠲᠦᠪᠰᠢᠨ ᠪᠥᠭᠡᠳ ᠲᠣᠭᠲᠠᠭᠤᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃      ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠴᠠᠭᠳᠠᠭ᠎ᠠ ᠠᠵᠤ ᠠᠬᠤᠶᠢᠯᠠᠯ ᠤᠨ ᠬᠠᠮᠵᠢᠯᠴᠠᠬᠤ ᠳᠦᠷᠢᠮ ᠠᠷᠭ᠎ᠠ ᠬᠡᠮᠵᠢᠶ᠎ᠡ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠬᠠᠮᠠᠭᠠᠯᠠᠨ᠎ᠠ᠃      ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ ᠪᠠᠶᠢᠴᠠᠭᠠᠨ ᠪᠢᠲᠡᠭᠦᠮᠵᠢᠯᠡᠬᠦ᠂ ᠪᠠᠷᠢᠴᠠᠭᠠᠨ ᠳᠤ ᠦᠯᠡᠳᠡᠭᠡᠬᠦ᠂ ᠴᠡᠪᠳᠡᠭᠰᠢᠭᠦᠯᠬᠦ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ᠂ ᠬᠡᠷᠡᠭ ᠲᠤ ᠬᠤᠯᠪᠣᠭᠳᠠᠭᠰᠠᠨ ᠪᠤᠰᠤᠳ ᠡᠳ᠋ ᠬᠦᠷᠦᠩᠭᠡ ᠪᠣᠯᠤᠨ ᠬᠠᠤᠯᠢ ᠶᠣᠰᠣᠨ ᠤ ᠡᠳ᠋ ᠬᠦᠷᠦᠩᠭᠡ᠂ ᠠᠵᠤ ᠠᠬᠤᠶᠢᠯᠠᠯ ᠬᠠᠤᠯᠢ ᠶᠢᠨ ᠡᠷᠬᠡᠲᠡᠨ ᠤ ᠡᠳ᠋ ᠬᠦᠷᠦᠩᠭᠡ ᠪᠣᠯᠤᠨ ᠬᠤᠪᠢ ᠣᠷᠣᠭᠤᠯᠤᠭᠴᠢ ᠶᠢᠨ ᠬᠤᠪᠢ ᠬᠥᠮᠦᠨ ᠤ ᠡᠳ᠋ ᠬᠦᠷᠦᠩᠭᠡ᠂ ᠬᠡᠷᠡᠭ ᠲᠤ ᠬᠤᠯᠪᠣᠭᠳᠠᠭᠰᠠᠨ ᠬᠥᠮᠦᠰ ᠤᠨ ᠬᠤᠪᠢ ᠬᠥᠮᠦᠨ ᠤ ᠡᠳ᠋ ᠬᠦᠷᠦᠩᠭᠡ ᠪᠣᠯᠤᠨ ᠭᠡᠷ ᠪᠦᠯᠢ ᠶᠢᠨ ᠪᠦᠷᠢᠯᠳᠦᠬᠦᠨ ᠤ ᠡᠳ᠋ ᠬᠦᠷᠦᠩᠭᠡ ᠶᠢ ᠬᠠᠤᠯᠢ ᠶᠣᠰᠣᠭᠠᠷ ᠴᠢᠩᠭ᠎ᠠ ᠢᠯᠭᠠᠨ᠎ᠠ᠃      ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠭᠴᠢ ᠪᠠᠶᠢᠭᠠᠯᠢ ᠬᠥᠮᠦᠨ ᠤ ᠶᠠᠯᠠᠲᠤ ᠠᠵᠢᠯᠯᠠᠭ᠎ᠠ ᠬᠢᠭᠡᠳ ᠨᠢᠭᠡᠴᠢ ᠶᠢᠨ ᠶᠠᠯᠠᠲᠤ ᠠᠵᠢᠯᠯᠠᠭ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠦᠢ ᠶᠣᠰᠣᠨ ᠤ ᠪᠡᠯᠡ ᠲᠤᠬᠢᠷᠠᠭᠤᠯᠭ᠎ᠠ ᠬᠢᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠠᠵᠤ ᠠᠬᠤᠢ ᠶᠢᠨ ᠵᠢᠭᠤᠷᠠᠯᠳᠤᠭᠠᠨ ᠬᠢᠭᠡᠳ ᠠᠵᠤ ᠠᠬᠤᠢ ᠶᠢᠨ ᠶᠠᠯᠠᠲᠤ ᠠᠵᠢᠯᠯᠠᠭ᠎ᠠ ᠵᠡᠷᠭᠡ ᠶᠢᠨ ᠵᠠᠭᠠᠭ ᠬᠢᠵᠠᠭᠠᠷ ᠢ ᠬᠠᠤᠯᠢ ᠶᠣᠰᠣᠭᠠᠷ ᠴᠢᠩᠭ᠎ᠠ ᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠭᠴᠢ᠂ ᠬᠠᠮᠢᠶᠠᠷᠤᠭᠴᠢ ᠪᠣᠯᠤᠨ ᠠᠵᠢᠯᠯᠠᠭᠰᠠᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠨ᠎ᠡ᠃      ᠳᠤᠮᠳᠠ ᠪᠠᠭ᠎ᠠ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠳ᠋ ᠬᠦᠷᠦᠩᠭᠡ ᠶᠢᠨ ᠡᠷᠬᠡ ᠶᠢ ᠡᠷᠡᠰ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠣᠯᠤᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠶᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠬᠦᠯᠢᠶᠡᠨ ᠠᠪᠣᠨ᠎ᠠ᠃      ᠬᠠᠤᠯᠢ ᠬᠡᠷᠡᠭᠵᠢᠭᠦᠯᠦᠨ ᠬᠡᠷᠡᠭ ᠰᠢᠢᠳᠪᠦᠷᠢᠯᠡᠬᠦ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ  ᠤᠨ  ᠡᠵᠡᠩᠨᠡᠭᠰᠡᠨ  ᠠᠵᠤ  ᠠᠬᠤᠶᠢᠯᠠᠯ  ᠳᠤ  ᠬᠤᠯᠪᠣᠭᠳᠠᠭᠰᠠᠨ ᠡᠷᠡᠭᠦᠦ ᠶᠢᠨ ᠵᠠᠷᠭᠤ ᠶᠢᠨ ︽ᠬᠡᠷᠡᠭ ᠪᠣᠯᠭᠠᠨ ᠳᠠᠩᠰᠠᠯᠠᠭᠤᠯᠬᠤ︾ ᠲᠤᠰᠬᠠᠢ ᠵᠦᠢᠯᠡᠰ ᠤᠨ ᠢᠯᠭᠠᠷᠠᠭᠤᠯᠤᠨ ᠲᠢᠭᠯᠡᠬᠦ ᠠᠵᠢᠯ ᠢ ᠥᠷᠨᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠢ ᠰᠡᠳᠬᠢᠯ ᠠᠮᠤᠷ ᠠᠳᠠᠯ ᠦᠢᠯᠡᠰ ᠴᠣᠭᠴᠠᠯᠠᠵᠤ᠂ ᠰᠡᠳᠬᠢᠯ ᠠᠮᠤᠷ ᠡᠵᠡᠩᠨᠡᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃      ︽ᠬᠤᠷᠢᠨ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ︾ ᠶᠢ 2021 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠪᠥᠬᠦ ᠣᠷᠣᠨ ᠳᠤ ᠪᠥᠬᠦ ᠲᠠᠯ᠎ᠠ ᠪᠠᠷ ᠬᠡᠷᠡᠭᠵᠢᠭᠦᠯᠬᠦ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠴᠠᠭ ᠲᠤ ᠨᠢ ᠳᠣᠭᠢᠷᠠᠭᠤᠯᠤᠨ ᠪᠢᠴᠢᠭ ᠤᠨ ᠪᠠ ᠲᠤᠬᠠᠶ ᠶᠢᠨ ᠭᠠᠵᠠᠷ ᠢ ᠤᠶᠠᠯᠳᠤᠭᠤᠯᠬᠤ᠂ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠤᠶᠠᠯᠳᠤᠭᠤᠯᠬᠤ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢ ᠠᠪᠴᠤ᠂ ︽ᠬᠤᠷᠢᠨ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ︾ ᠶᠢ ᠬᠡᠷᠡᠭᠵᠢᠭᠦᠯᠦᠭᠰᠡᠨ ᠪᠠᠶᠢᠳᠠᠯ  ᠳᠤ  ᠰᠢᠮᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠠᠷᠭ᠎ᠠ ᠬᠡᠮᠵᠢᠶ᠎ᠡ ᠨᠢᠭᠡᠪᠦᠷᠢ ᠶᠢ ᠴᠠᠭ ᠲᠤᠬᠠᠶ ᠳᠤ ᠨᠢ ᠴᠢᠨᠠᠷ ᠰᠠᠶᠢᠲᠠᠶ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠣᠯᠠᠬᠤ ᠬᠡᠷᠡᠭᠲᠡᠢ᠃
ᠢᠷᠡᠯᠲᠡ᠄ ᠳᠤᠳᠤᠭᠠᠳᠤ ᠶᠢ ᠬᠠᠮᠠᠭᠠᠯᠠᠬᠤ ᠲᠢᠩᠬᠢᠮ