ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠤᠯ ᠤᠨ ᠳᠡᠳ᠋ ᠲᠣᠭᠤᠷᠢᠨ ᠪᠠᠶᠢᠴᠠᠭᠠᠭᠴᠢ ᠴᠢᠦ ᠶᠢᠨ ᠪᠣᠣ ᠨᠢᠭᠡᠳᠦᠭᠡᠷ ᠰᠢᠭᠦᠯᠲᠡ ᠳᠤ 15 ᠵᠢᠯ ᠤᠨ ᠡᠷᠡᠭᠦᠦ ᠪᠠᠷ ᠰᠢᠳᠭᠡᠭᠳᠡᠪᠡ
ᠨᠡᠶᠢᠲᠡᠯᠡᠭᠰᠡᠨ ᠴᠠᠭ᠄
2021/1/26
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ         ᠮᠡᠷᠭᠡᠵᠢᠯ ᠤᠨ ᠨᠡᠶᠢᠭᠡᠮᠯᠢᠭ ᠤᠨ ᠤᠤᠯ ᠤᠨ ᠳᠡᠳ᠋ ᠲᠣᠭᠤᠷᠢᠨ ᠪᠠᠶᠢᠴᠠᠭᠠᠭᠴᠢ         ᠴᠢᠦ ᠶᠢᠨ ᠪᠣᠣ ᠨᠢᠭᠡᠳᠦᠭᠡᠷ ᠰᠢᠭᠦᠯᠲᠡ ᠳᠤ 15 ᠵᠢᠯ ᠤᠨ ᠡᠷᠡᠭᠦᠦ ᠪᠠᠷ ᠰᠢᠳᠭᠡᠭᠳᠡᠪᠡ      ᠰᠢᠨᠬᠤᠸᠠ  ᠬᠤᠷᠢᠶᠠᠨ  ᠤ  ᠬᠥᠬᠡᠬᠤᠲᠠ  ᠶᠢᠨ  1  ᠰᠠᠷ᠎ᠠ  ᠶᠢᠨ  6  ᠤ  ᠡᠳᠦᠷ  ᠤᠨ ᠴᠠᠬᠢᠯᠭᠠᠨ ᠮᠡᠳᠡᠭᠡ  ︵ᠰᠤᠷᠪᠤᠯᠵᠢᠯᠠᠭᠴᠢ  ᠯᠢᠦ ᠢ ᠳ᠋ᠧ︶ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠣ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢᠭᠡᠳᠦᠭᠡᠷ ᠰᠢᠭᠦᠯᠲᠡ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠤᠯ ᠤᠨ ᠳᠡᠳ᠋ ᠲᠣᠭᠤᠷᠢᠨ ᠪᠠᠶᠢᠴᠠᠭᠠᠭᠴᠢ ᠴᠢᠦ ᠶᠢᠨ ᠪᠣᠣ ᠶᠢ ᠠᠪᠯᠢᠭᠠᠯᠠᠭᠰᠠᠨ ᠶᠠᠯ᠎ᠠ᠂ ᠦᠯᠡᠮᠵᠢ ᠲᠣᠭᠠᠨ ᠤ ᠬᠥᠷᠥᠩᠭᠡ ᠶᠢᠨ ᠢᠷᠡᠯᠲᠡ ᠨᠢ ᠲᠣᠳᠣᠷᠬᠠᠢ ᠦᠭᠡᠢ ᠶᠠᠯ᠎ᠠ ᠪᠠᠷ ᠬᠡᠳᠦᠨ ᠶᠠᠯ᠎ᠠ ᠶᠢ ᠬᠠᠮᠲᠤ ᠳᠤ ᠨᠢ ᠰᠢᠳᠬᠡᠵᠦ᠂ 15 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠲᠤᠯᠭᠠᠬᠤ ᠶᠢᠨ ᠬᠠᠮᠲᠤ 300 ᠲᠦᠮᠡᠨ ᠲᠦᠭᠦᠷᠢᠭ ᠤᠨ ᠠᠷᠠᠳ ᠤᠨ ᠵᠣᠭᠤᠰ ᠢᠶᠠᠷ ᠲᠣᠷᠭᠠᠬᠤ ᠪᠠᠷ ᠰᠢᠳᠬᠡᠪᠡ᠃ ᠲᠡᠭᠦᠨ ᠤ ᠬᠠᠥᠯᠢ ᠶᠢ ᠵᠦᠷᠢᠴᠡᠵᠦ ᠶᠠᠯ᠎ᠠ ᠬᠢᠵᠤ ᠣᠯᠣᠭᠰᠠᠨ 1.3 ᠳ᠋ᠦᠩᠰᠢᠭᠤᠷ ᠭᠠᠷᠤᠢ ᠲᠦᠭᠦᠷᠢᠭ ᠤᠨ ᠠᠰᠢᠭ ᠣᠯᠵᠠᠪᠤᠷᠢ ᠶᠢ ᠨᠢ ᠨᠡᠬᠡᠮᠵᠢᠯᠡᠨ ᠬᠤᠷᠢᠶᠠᠵᠤ᠂ ᠤᠯᠤᠰ ᠤᠨ ᠬᠦᠮᠦᠷᠭᠡ ᠳᠤ ᠲᠤᠰᠢᠶᠠᠨ᠎ᠠ᠃      ᠰᠢᠭᠦᠬᠦ ᠬᠤᠷᠢᠶᠠᠨ ᠤ ᠪᠠᠶᠢᠴᠠᠭᠠᠨ ᠲᠣᠳᠣᠯᠠᠭᠰᠠᠨ ᠢᠶᠠᠷ᠂ 2004 ᠣᠨ ᠤ 8 ᠰᠠᠷ᠎ᠠ ᠠᠴᠠ 2019 ᠣᠨ ᠤ 4 ᠰᠠᠷ᠎ᠠ ᠪᠣᠯᠲᠠᠯ᠎ᠠ᠂ ᠵᠠᠭᠠᠯᠳᠤᠭᠳᠠᠭᠴᠢ ᠴᠢᠦ  ᠶᠢᠨ ᠪᠣᠣ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ᠂ ᠲᠣᠭᠤᠷᠢᠭ ᠤᠨ ᠳᠠᠷᠤᠭ᠎ᠠ᠂ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠪᠣᠷᠣᠲᠣᠬᠤᠢ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠪᠠᠶᠠᠨᠨᠠᠭᠤᠷ ᠬᠤᠲᠠ ᠶᠢᠨ ᠳᠡᠳ᠋ ᠬᠤᠲᠠ ᠶᠢᠨ ᠳᠠᠷᠤᠭ᠎ᠠ᠂ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠤ ᠪᠠᠨ ᠡᠷᠬᠡ ᠲᠤᠰᠢᠶᠠᠯ ᠤᠨ ᠢᠶᠠᠨ ᠳᠥᠭᠦᠮ ᠢ ᠠᠰᠢᠭᠯᠠᠨ᠂ ᠬᠠᠷᠢᠶ᠎ᠠ ᠠᠵᠢᠯᠲᠠᠨ᠂ ᠬᠠᠮᠢᠶᠠᠷᠤᠭᠳᠠᠬᠤ ᠡᠲᠡᠭᠡᠳ ᠵᠡᠷᠭᠡ 68 ᠬᠦᠮᠦᠨ ᠤ ᠬᠦᠷᠭᠡᠭᠰᠡᠨ ᠵᠣᠭᠤᠰ ᠮᠦᠩᠭᠦ ᠡᠳ᠋ ᠪᠤᠳᠠᠰ ᠢ ᠤᠷᠢᠳ ᠬᠤᠵᠢᠳ ᠬᠦᠯᠢᠶᠡᠨ ᠠᠪᠴᠤ᠂ ᠠᠷᠠᠳ ᠤᠨ ᠵᠣᠭᠤᠰ ᠢᠶᠠᠷ ᠨᠤᠭᠤᠯᠤᠨ ᠪᠣᠳᠣᠪᠠᠯ 4631 ᠲᠦᠮᠡᠨ ᠲᠦᠭᠦᠷᠢᠭ ᠲᠤ  ᠬᠦᠷᠴᠦ  ᠂ ᠲᠥᠷᠥ ᠶᠢᠨ ᠠᠵᠢᠯᠲᠠᠨ ᠪᠣᠯᠣᠭᠰᠠᠨ ᠤ ᠬᠤᠪᠢ ᠳᠤ ᠲᠡᠭᠦᠨ ᠤ ᠡᠳ᠋ ᠬᠦᠷᠦᠩᠭᠡ ᠪᠠ ᠵᠠᠷᠤᠯᠭ᠎ᠠ ᠨᠢ ᠬᠠᠥᠯᠢ ᠶᠣᠰᠣᠨ ᠤ ᠣᠷᠣᠯᠭ᠎ᠠ ᠠᠴᠠ ᠨᠢ ᠢᠯᠡᠳᠲᠡ ᠳᠠᠪᠠᠵᠤ᠂ ᠨᠡᠶᠢᠲᠡ 9036 ᠦᠷᠲᠡᠭ ᠪᠦᠬᠦᠢ ᠵᠣᠭᠤᠰ ᠮᠦᠩᠭᠦ ᠡᠳ᠋ ᠪᠤᠳᠠᠰ ᠤᠨ ᠬᠢᠨᠢ ᠢᠷᠡᠯᠲᠡ ᠨᠢ ᠲᠣᠳᠣᠷᠬᠠᠢ ᠦᠭᠡᠢ᠃      ᠰᠢᠭᠦᠬᠦ ᠬᠤᠷᠢᠶᠠᠨ ᠤ ᠦᠵᠡᠬᠦ ᠪᠠᠷ᠂ ᠵᠠᠭᠠᠯᠳᠤᠭᠳᠠᠭᠴᠢ ᠴᠢᠦ ᠶᠢᠨ ᠪᠣᠣ ᠲᠥᠷᠥ ᠶᠢᠨ ᠠᠵᠢᠯᠲᠠᠨ ᠪᠣᠯᠣᠭᠰᠠᠨ ᠤ ᠬᠤᠪᠢ ᠳᠤ᠂ ᠡᠷᠬᠡ ᠲᠤᠰᠢᠶᠠᠯ ᠤᠨ ᠢᠶᠠᠨ ᠳᠥᠭᠦᠮ ᠢᠶᠠᠨ ᠠᠰᠢᠭᠯᠠᠨ᠂ ᠪᠤᠰᠤᠳ ᠤᠨ ᠵᠣᠭᠤᠰ ᠮᠦᠩᠭᠦ ᠡᠳ᠋ ᠪᠤᠳᠠᠰ ᠢ ᠬᠠᠥᠯᠢ ᠪᠤᠰᠤ ᠪᠠᠷ ᠬᠦᠯᠢᠶᠡᠨ ᠠᠪᠴᠤ ᠲᠤᠭ᠎ᠠ ᠬᠡᠮᠵᠢᠶ᠎ᠡ ᠨᠢ ᠯᠣᠳᠤ ᠶᠡᠭᠡ᠂ ᠲᠡᠭᠦᠨ ᠤ ᠦᠢᠯᠡ ᠠᠵᠢᠯᠯᠠᠭ᠎ᠠ ᠨᠢ ᠨᠢᠭᠡᠨᠲᠡ ᠠᠪᠯᠢᠭᠠᠯᠠᠭᠰᠠᠨ ᠶᠠᠯ᠎ᠠ ᠪᠣᠯᠵᠤ ᠪᠦᠷᠢᠯᠳᠦᠵᠡᠢ᠃ ᠲᠡᠬᠦᠨ ᠤ ᠭᠡᠷ ᠪᠦᠯᠢ ᠶᠢᠨ ᠡᠳ᠋ ᠬᠦᠷᠦᠩᠭᠡ᠂ ᠵᠠᠷᠤᠯᠭ᠎ᠠ ᠨᠢ ᠬᠠᠥᠯᠢ ᠶᠣᠰᠣᠨ ᠤ ᠣᠷᠣᠯᠭ᠎ᠠ ᠠᠴᠠ ᠨᠢ ᠢᠯᠡᠳᠲᠡ ᠬᠡᠲᠦᠷᠡᠵᠦ᠂ ᠵᠦᠷᠢᠶ᠎ᠡ ᠨᠢ ᠯᠣᠳᠤ ᠶᠡᠭᠡ᠂ ᠲᠡᠭᠦᠨ ᠤ ᠦᠢᠯᠡ ᠠᠵᠢᠯᠯᠠᠭ᠎ᠠ ᠨᠢᠭᠡᠨᠲᠡ ᠦᠯᠡᠮᠵᠢ ᠲᠣᠭᠠᠨ ᠤ ᠡᠳ᠋ ᠬᠦᠷᠦᠩᠭᠡ ᠶᠢᠨ ᠢᠷᠡᠯᠲᠡ ᠨᠢ ᠲᠣᠳᠣᠷᠬᠠᠢ ᠦᠭᠡᠢ ᠶᠠᠯ᠎ᠠ ᠪᠣᠯᠵᠤ ᠪᠦᠷᠢᠯᠳᠦᠪᠡ᠃ ᠴᠢᠦ ᠶᠢᠨ ᠪᠣᠣ ᠨᠢᠭᠡ ᠬᠦᠮᠦᠨ ᠣᠯᠠᠨ ᠶᠠᠯ᠎ᠠ ᠬᠢᠭᠰᠡᠨ ᠠᠴᠠ᠂ ᠬᠡᠳᠦᠨ ᠶᠠᠯ᠎ᠠ ᠶᠢ ᠨᠢ ᠨᠡᠶᠢᠯᠡᠭᠦᠯᠦᠨ ᠰᠢᠳᠬᠡᠨ᠎ᠡ᠃ ᠵᠠᠭᠠᠯᠳᠤᠭᠳᠠᠭᠴᠢ ᠴᠢᠦ ᠶᠢᠨ ᠪᠣᠣ ᠰᠢᠭᠦᠬᠦ ᠳᠤ ᠭᠠᠷᠤᠭᠰᠠᠨ ᠤ ᠳᠠᠷᠠᠭ᠎ᠠ ᠦᠪᠡᠷ ᠤᠨ ᠶᠠᠯ᠎ᠠ ᠬᠢᠭᠰᠡᠨ ᠪᠣᠳᠠᠲᠤ ᠠᠵᠢᠯᠯᠠᠭ᠎ᠠ ᠪᠠᠨ ᠦᠨᠡᠨ ᠮᠦᠨ ᠢᠶᠠᠷ ᠨᠢ ᠦᠴᠢᠭᠯᠡᠵᠦ᠂ ᠪᠠᠶᠢᠴᠠᠭᠠᠬᠤ ᠪᠠᠶᠢᠭᠤᠯᠭ᠎ᠠ ᠶᠢᠨ ᠬᠠᠷᠠᠬᠠᠨ ᠡᠵᠡᠮᠰᠢᠭᠡ ᠦᠭᠡᠢ ᠪᠠᠶᠢᠭᠰᠠᠨ ᠬᠡᠰᠡᠭ ᠠᠳᠠᠯᠢ ᠲᠥᠷᠥᠯ ᠤᠨ ᠶᠠᠯᠠᠲᠤ ᠬᠡᠷᠡᠭ ᠢ ᠰᠠᠨᠠᠭᠠᠴᠢᠯᠠᠭ᠎ᠠ ᠠᠴᠠ ᠪᠠᠨ ᠲᠤᠰᠢᠶᠠᠵᠤ᠂ ᠶᠠᠯ᠎ᠠ ᠪᠠᠨ ᠮᠡᠳᠡᠷᠡᠵᠦ ᠰᠢᠳᠬᠡᠯ ᠢ ᠬᠦᠯᠢᠶᠡᠨ᠂ ᠴᠠᠭᠠᠪᠤᠷᠯᠠᠭᠰᠠᠨ ᠦᠢᠯᠡ ᠪᠠᠶᠢᠳᠠᠯ ᠲᠠᠢ᠂ ᠬᠤᠴᠣᠷᠭᠠᠨ ᠠᠪᠤᠭᠰᠠᠨ ᠬᠤᠭᠤᠴᠠᠭᠠᠨ ᠳᠤ᠂ ᠪᠤᠰᠤᠳ ᠬᠦᠮᠦᠨ ᠤ ᠶᠠᠯ᠎ᠠ ᠬᠢᠭᠰᠡᠨ ᠰᠦᠪᠡᠭᠴᠢ ᠶᠢ ᠢᠯᠡᠴᠢᠯᠡᠨ ᠵᠠᠭᠠᠯᠳᠤᠵᠤ᠂ ᠦᠨᠡᠨ ᠪᠣᠯᠬᠤ ᠶᠢ ᠪᠠᠶᠢᠴᠠᠭᠠᠨ ᠲᠣᠳᠣᠯᠣᠭᠰᠠᠨ ᠠᠴᠠ ᠭᠠᠪᠢᠶ᠎ᠠ ᠪᠠᠶᠢᠭᠤᠯᠤᠭᠰᠠᠨ ᠢᠯᠡᠷᠡᠯ ᠲᠠᠢ᠂ ᠡᠭᠦᠨ ᠠᠴᠠ ᠭᠠᠳᠠᠨ᠎ᠠ ᠲᠡᠭᠦᠨ ᠤ ᠲᠦᠷᠦᠯ ᠰᠠᠳᠤᠨ ᠨᠢ ᠪᠠᠶᠢᠴᠠᠭᠠᠬᠤ ᠪᠠᠶᠢᠭᠤᠯᠭ᠎ᠠ ᠲᠠᠢ ᠬᠠᠮᠵᠢᠯᠴᠠᠨ ᠬᠡᠷᠡᠭ ᠲᠤ ᠬᠤᠯᠪᠣᠭᠳᠠᠭᠰᠠᠨ ᠪᠤᠵᠠᠷ ᠵᠣᠭᠤᠰ ᠪᠤᠵᠠᠷ ᠡᠳ᠋ ᠢ ᠪᠤᠴᠠᠭᠠᠪᠠ᠃      ᠰᠢᠭᠦᠬᠦ ᠬᠤᠷᠢᠶ᠎ᠠ ᠵᠠᠭᠠᠯᠳᠤᠭᠳᠠᠭᠴᠢ ᠴᠢᠦ ᠶᠢᠨ ᠪᠣᠣ ᠶᠢ ᠠᠪᠯᠢᠭᠠᠯᠠᠭᠰᠠᠨ ᠶᠠᠯ᠎ᠠ ᠪᠠᠷ 12 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠲᠤᠯᠭᠠᠵᠤ᠂ 300 ᠲᠦᠮᠡᠨ ᠲᠦᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠪᠡ᠂ ᠦᠯᠡᠮᠵᠢ ᠲᠣᠭᠠᠨ ᠤ ᠡᠳ᠋ ᠬᠦᠷᠦᠩᠭᠡ ᠶᠢᠨ ᠢᠷᠡᠯᠲᠡ ᠨᠢ ᠲᠣᠳᠣᠷᠬᠠᠢ ᠪᠤᠰᠤ ᠶᠠᠯ᠎ᠠ ᠪᠠᠷ 6 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠲᠤᠯᠭᠠᠪᠠ᠂ ᠬᠡᠳᠦᠨ ᠶᠠᠯ᠎ᠠ ᠶᠢ ᠨᠡᠶᠢᠯᠡᠭᠦᠯᠦᠨ ᠰᠢᠳᠬᠡᠵᠦ᠂ 15 ᠵᠢᠯ ᠬᠤᠭᠤᠴᠠᠭ᠎ᠠ ᠲᠠᠢ ᠬᠤᠷᠢᠬᠤ ᠶᠢᠨ ᠬᠠᠮᠲᠤ 300 ᠲᠦᠮᠡᠨ ᠲᠦᠭᠦᠷᠢᠭ ᠠᠷᠠᠳ ᠤᠨ ᠵᠣᠭᠤᠰ ᠢᠶᠠᠷ ᠲᠣᠷᠭᠠᠬᠤ ᠪᠠᠷ ᠰᠢᠳᠬᠡᠪᠡ᠂ ᠵᠠᠭᠠᠯᠳᠤᠭᠳᠠᠭᠴᠢ ᠴᠢᠦ ᠶᠢᠨ ᠪᠣᠣ ᠶᠢᠨ ᠠᠪᠯᠢᠭᠠᠯᠠᠨ ᠣᠯᠣᠭᠰᠠᠨ 4631 ᠲᠦᠮᠡ ᠭᠠᠷᠤᠢ ᠲᠦᠭᠦᠷᠢᠭ ᠤᠨ ᠦᠷᠲᠡᠭ ᠪᠦᠬᠦᠢ ᠵᠣᠭᠤᠰ ᠮᠦᠩᠭᠦ ᠡᠳ᠋ ᠪᠤᠳᠠᠰ ᠵᠢᠴᠢ ᠲᠡᠭᠦᠨ ᠤ ᠦᠷᠡᠵᠢᠯ ᠬᠦᠦ᠂ ᠢᠷᠡᠯᠲᠡ ᠨᠢ ᠲᠣᠳᠣᠷᠬᠠᠢ ᠦᠭᠡᠢ 9036 ᠲᠦᠮᠡ ᠭᠠᠷᠤᠢ ᠲᠦᠭᠦᠷᠢᠭ ᠤᠨ ᠬᠡᠷᠡᠭ ᠲᠤ ᠬᠤᠯᠪᠣᠭᠳᠠᠭᠰᠠᠨ ᠡᠳ᠋ ᠬᠦᠷᠦᠩᠭᠡ ᠵᠢᠴᠢ ᠲᠡᠭᠦᠨ ᠤ ᠦᠷᠡᠵᠢᠯ ᠬᠦᠦ ᠶᠢ ᠴᠦᠮ ᠬᠠᠥᠯᠢ ᠶᠣᠰᠣᠭᠠᠷ ᠨᠡᠬᠡᠮᠵᠢᠯᠡᠨ ᠬᠤᠷᠢᠶᠠᠵᠤ ᠤᠯᠤᠰ ᠤᠨ ᠬᠦᠮᠦᠷᠭᠡ ᠳᠤ ᠲᠤᠰᠢᠶᠠᠨ᠎ᠠ᠃     ᠢᠷᠡᠯᠲᠡ᠄ http://mongol.people.com.cn/15834759.html
ᠢᠷᠡᠯᠲᠡ᠄ ᠠᠷᠠᠳ ᠤᠨ ᠡᠳᠦᠷ ᠤᠨ ᠰᠣᠨᠢᠨ