ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2021/10/15
         ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ          ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠮᠠᠰᠢᠨ ᠲᠡᠷᠭᠡᠨ ᠤ ᠲᠤᠭ᠎ᠠ ᠪᠠᠷᠢᠮᠲᠠ ᠶᠢᠨ          ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ᠤᠨ          ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ            ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠮ ᠲᠡᠭᠡᠭᠡᠪᠦᠷᠢ ᠶᠢᠨ ᠶᠠᠮᠤᠨ ᠬᠠᠮᠲᠤᠷᠠᠨ ︽ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠲᠣᠭᠲᠠᠭᠠᠯ︾ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠠᠰᠠᠭᠤᠯᠲᠠ᠄ ︽ᠲᠣᠭᠲᠠᠭᠠᠯ︾ ᠢ  ᠨᠡᠶᠢᠲᠡᠯᠡᠭᠰᠡᠨ  ᠠᠬᠤᠶ  ᠪᠠᠶᠢᠳᠠᠯ  ᠢ  ᠲᠥᠬᠦᠮ  ᠢᠶᠠᠷ  ᠲᠠᠨᠢᠯᠴᠠᠭᠤᠯᠤᠭᠠᠷᠠᠶ  ︖       ᠬᠠᠷᠢᠭᠤᠯᠲᠠ᠄ ︽ᠲᠣᠭᠲᠠᠭᠠᠯ︾ ᠢ ᠨᠡᠶᠢᠲᠡᠯᠡᠭᠰᠡᠨ ᠨᠢ ᠭᠤᠤᠯᠳᠠᠭᠤ ᠳᠤᠤᠷᠠᠬᠢ ᠬᠤᠶᠠᠷ ᠲᠠᠯ᠎ᠠ ᠶᠢ ᠪᠣᠳᠣᠯᠬᠢᠯᠠᠭᠰᠠᠨ ᠶᠤᠮ᠄ ᠨᠢᠭᠡ ᠳᠤ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠦᠢᠯᠡᠳᠦᠯᠭᠡ ᠶᠢᠨ ᠬᠡᠷᠡᠭᠴᠡᠭᠡ᠃ ᠮᠠᠰᠢᠨ ᠲᠡᠷᠭᠡᠨ ᠤ ᠠᠵᠤ ᠦᠢᠯᠡᠰ ᠨᠢ ᠤᠯᠤᠰ ᠤᠨ ᠠᠵᠤ ᠠᠬᠤᠶ᠂ ᠲᠣᠨᠤᠭ ᠲᠥᠬᠦᠭᠡᠷᠦᠮᠵᠢ ᠦᠢᠯᠡᠳᠬᠦ᠂ ᠮᠥᠩᠭᠦᠨ ᠭᠦᠢᠯᠭᠡᠭᠡᠨ᠂ ᠵᠠᠮ ᠬᠠᠷᠢᠯᠴᠠᠭ᠎ᠠ ᠲᠡᠭᠡᠭᠡᠪᠦᠷᠢ᠂ ᠦᠢᠯᠡᠳᠪᠦᠷᠢᠯᠡᠯ ᠠᠮᠢᠳᠤᠷᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠡᠳᠦᠷ ᠢᠷᠡᠬᠦᠶ᠎ᠡ ᠨᠡᠮᠡᠭᠳᠡᠵᠦ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠬᠡᠪᠴᠢᠶ᠎ᠡ ᠮᠤᠨᠳᠠᠭ ᠶᠡᠭᠡ ᠪᠣᠯᠬᠤ ᠶᠢᠨ ᠬᠠᠮᠲᠤ ᠢᠯᠡᠷᠡᠭᠰᠡᠨ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠰᠠᠭᠤᠳᠠᠯ ᠪᠣᠯᠤᠨ ᠲᠦᠭᠰᠢᠭᠦᠷᠢ ᠶᠢᠨ ᠳᠠᠯᠳᠠ ᠭᠡᠮ ᠴᠦ ᠡᠳᠦᠷ ᠢᠷᠡᠬᠦᠶ᠎ᠡ ᠳᠣᠪᠤᠶᠢᠮ᠎ᠠ ᠪᠣᠯᠵᠤ ᠪᠠᠶᠢᠨ᠎ᠠ᠃ ᠵᠢᠱᠢᠶᠡᠯᠡᠪᠡᠯ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠪᠣᠳᠠᠲᠤ ᠬᠡᠷᠡᠭᠴᠡᠭᠡ ᠪᠠᠨ ᠳᠠᠪᠠᠵᠤ᠂ ᠴᠢᠬᠤᠯᠠ ᠲᠤᠭ᠎ᠠ ᠪᠠᠷᠢᠮᠲᠠ ᠶᠢ ᠬᠡᠲᠦᠷᠬᠡᠶ ᠴᠤᠭᠯᠠᠭᠤᠯᠬᠤ︔ ᠬᠡᠷᠡᠭᠯᠡᠭᠴᠢ ᠶᠢᠨ ᠵᠥᠪᠰᠢᠶᠡᠷᠡᠯ ᠥᠬᠡᠶ ᠪᠠᠷ ᠬᠤᠪᠢ ᠬᠥᠮᠦᠨ ᠤ ᠮᠡᠳᠡᠭᠡ ᠵᠠᠩᠭᠢ᠂ ᠢᠯᠠᠩᠭᠤᠶ᠎ᠠ ᠬᠤᠪᠢ ᠬᠥᠮᠦᠨ ᠤ ᠰᠡᠷᠭᠡᠭ ᠮᠡᠳᠡᠭᠡ ᠵᠠᠩᠭᠢ ᠶᠢ ᠲᠣᠭᠲᠠᠭᠠᠯ ᠠᠴᠠ ᠵᠥᠷᠢᠴᠡᠨ ᠰᠢᠢᠳᠪᠦᠷᠢᠯᠡᠪᠡ︔ ᠠᠮᠤᠷ ᠲᠦᠪᠰᠢᠨ ᠤ ᠦᠨᠡᠯᠡᠯᠲᠡ ᠬᠢᠭᠰᠡᠨ ᠥᠬᠡᠶ᠂ ᠲᠣᠭᠲᠠᠭᠠᠯ ᠠᠴᠠ ᠵᠥᠷᠢᠴᠡᠨ ᠬᠢᠯᠢ ᠠᠴᠠ ᠭᠠᠷᠤᠭᠰᠠᠨ ᠴᠢᠬᠤᠯᠠ ᠲᠤᠭ᠎ᠠ ᠪᠠᠷᠢᠮᠲᠠ ᠵᠡᠷᠭᠡ᠃ ᠡᠶᠢᠮᠦ ᠠᠴᠠ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠠᠮᠤᠷ ᠲᠦᠪᠰᠢᠨ ᠤ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠴᠢᠬᠤᠯᠠᠲᠠᠶ ᠪᠠᠶᠢᠨ᠎ᠠ᠃ ᠬᠤᠶᠠᠷ ᠲᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠬᠠᠤᠯᠢ ᠶᠣᠰᠣᠭᠠᠷ ᠵᠦᠶ ᠵᠣᠬᠢᠰᠲᠠᠶ ᠪᠦᠲᠦᠮᠵᠢᠲᠡᠶ ᠠᠰᠢᠭᠯᠠᠬᠤ ᠪᠤᠰᠤᠳᠴᠢ ᠬᠡᠷᠡᠭᠴᠡᠭᠡ ᠶᠢ ᠪᠠᠲᠤᠯᠠᠨ᠎ᠠ᠃ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ᠳᠤ ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠲᠤᠬᠠᠶ ᠦᠨᠳᠦᠰᠦᠨ ᠲᠣᠭᠲᠠᠭᠠᠯ ᠭᠠᠷᠭᠠᠪᠠ᠃ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠦᠷᠢᠶᠡᠨ ᠳᠤ ᠴᠢᠭᠯᠡᠭᠦᠯᠬᠦ ᠴᠢᠨᠠᠷᠲᠠᠶ ᠳᠦᠷᠢᠮ ᠲᠣᠭᠲᠠᠭᠠᠯ ᠲᠣᠭᠲᠠᠭᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠨ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠨᠢ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠬᠠᠤᠯᠢ ᠶᠣᠰᠣᠭᠠᠷ ᠵᠦᠶ ᠵᠣᠬᠢᠰᠲᠠᠶ ᠪᠦᠲᠦᠮᠵᠢᠲᠡᠶ ᠠᠰᠢᠭᠯᠠᠬᠤ ᠪᠠ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ       ᠡᠭᠦᠨ ᠠᠴᠠ ᠭᠠᠳᠠᠨ᠎ᠠ᠂ ︽ᠲᠣᠭᠲᠠᠭᠠᠯ︾ ᠨᠢ ᠵᠢᠷᠤᠮᠵᠢᠯ ᠤᠨ ᠱᠠᠭᠠᠷᠳᠠᠯᠭ᠎ᠠ ᠨᠤᠭᠤᠳ ᠢ ᠲᠣᠭᠲᠠᠭᠠᠵᠤ᠂ ᠮᠠᠰᠢᠨ ᠲᠡᠷᠭᠡᠨ ᠤ ᠬᠦᠷᠢᠶᠡᠨ ᠳᠤ ᠬᠢ ᠬᠤᠪᠢ ᠬᠥᠮᠦᠨ ᠤ ᠮᠡᠳᠡᠭᠡ ᠵᠠᠩᠭᠢ ᠪᠣᠯᠤᠨ ᠴᠢᠬᠤᠯᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠠᠰᠠᠭᠤᠳᠠᠯ ᠤᠳ ᠤᠨ ᠲᠤᠬᠠᠶ ᠲᠣᠭᠲᠠᠭᠠᠯ ᠭᠠᠷᠭᠠᠭᠰᠠᠨ ᠪᠠᠶᠢᠨ᠎ᠠ᠃      ᠠᠰᠠᠭᠤᠯᠲᠠ᠄ ︽ᠲᠣᠭᠲᠠᠭᠠᠯ︾ ᠳᠤ ᠬᠡᠯᠡᠵᠦ ᠪᠠᠶᠢᠭ᠎ᠠ ᠮᠠᠰᠢᠨ ᠲᠡᠷᠭᠡᠨ ᠤ ᠲᠤᠭ᠎ᠠ ᠪᠠᠷᠢᠮᠲᠠ ᠪᠠ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖    ᠬᠠᠷᠢᠭᠤᠯᠲᠠ︔ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠭᠡᠳᠡᠭ ᠲᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ᠂ ᠪᠣᠯᠪᠠᠰᠤᠷᠠᠭᠤᠯᠬᠤ᠂ ᠳᠠᠮᠵᠢᠭᠤᠯᠬᠤ᠂ ᠬᠠᠩᠭᠠᠬᠤ᠂ ᠢᠯᠡ ᠪᠣᠯᠭᠠᠬᠤ ᠵᠡᠷᠭᠡ ᠪᠠᠭᠲᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠪᠦᠬᠦ ᠬᠡᠯᠬᠢᠶ᠎ᠡ  ᠴᠣᠭᠴᠠ ᠶᠢᠨ ᠦᠶᠡᠯᠡᠯ ᠳᠤ ᠬᠤᠯᠪᠣᠭᠳᠠᠨ᠎ᠠ᠃ ︽ᠲᠣᠭᠲᠠᠭᠠᠯ︾ ᠳᠤ ᠪᠠᠰᠠ ᠮᠠᠰᠢᠨ ᠲᠡᠷᠭᠡᠨ ᠤ ᠲᠤᠭ᠎ᠠ ᠪᠠᠷᠢᠮᠲᠠ ᠳᠤ ᠬᠢ ᠬᠤᠪᠢ ᠬᠥᠮᠦᠨ ᠤ ᠮᠡᠳᠡᠭᠡ ᠵᠠᠩᠭᠢ᠂ ᠬᠤᠪᠢ ᠬᠥᠮᠦᠨ ᠤ ᠰᠡᠷᠭᠡᠭ ᠮᠡᠳᠡᠭᠡ ᠵᠠᠩᠭᠢ᠂ ᠴᠢᠬᠤᠯᠠ ᠲᠤᠭ᠎ᠠ ᠪᠠᠷᠢᠮᠲᠠ ᠵᠢᠴᠢ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠶᠢᠨ ᠠᠭᠤᠯᠤᠭᠳᠠᠬᠤᠨ ᠪᠠ ᠲᠥᠷᠥᠯ ᠵᠦᠢᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃     ᠠᠰᠠᠭᠤᠯᠲᠠ᠄ ︽ᠲᠣᠭᠲᠠᠭᠠᠯ︾ ᠳᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠳᠤ ᠶᠠᠮᠠᠷ ᠶᠠᠮᠠᠷ ᠡᠩ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ ᠪᠣᠶ︖    ᠬᠠᠷᠢᠭᠤᠯᠲᠠ᠄ ︽ᠲᠣᠭᠲᠠᠭᠠᠯ︾ ᠳᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠶᠢᠨ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠡᠩ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠡᠭᠦᠨ ᠳᠤ ᠭᠤᠣᠯᠳᠠᠭᠤ᠄ ᠨᠢᠭᠡ ᠳᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠳᠤ ᠪᠠᠨ ᠬᠠᠤᠯᠢ ᠶᠣᠰᠣᠨ ᠤ᠂ ᠵᠦᠢ ᠵᠣᠬᠢᠰᠲᠠᠢ᠂ ᠪᠣᠳᠠᠲᠠᠢ᠂ ᠲᠣᠳᠣᠷᠬᠠᠢ ᠪᠠᠶᠢᠵᠤ᠂ ᠮᠠᠰᠢᠨ ᠲᠡᠷᠭᠡᠨ ᠤ ᠵᠢᠷᠤᠭ ᠲᠥᠯᠥᠪᠯᠡᠭᠡ᠂ ᠦᠢᠯᠡᠳᠪᠦᠷᠢᠯᠡᠯ᠂ ᠪᠣᠷᠣᠯᠠᠭᠤᠯᠭ᠎ᠠ᠂ ᠬᠡᠷᠡᠭᠯᠡᠯᠲᠡ᠂ ᠲᠡᠭᠡᠭᠡᠪᠦᠷᠢ ᠬᠠᠮᠠᠭᠠᠯᠠᠯᠲᠠ ᠵᠡᠷᠭᠡ ᠲᠠᠢ ᠰᠢᠭᠤᠳ ᠬᠤᠯᠪᠣᠭᠳᠠᠬᠤ ᠬᠡᠷᠡᠭᠲᠡᠢ᠃ ᠬᠤᠶᠠᠷ ᠲᠤ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠰᠦᠯᠵᠢᠶ᠎ᠡ ᠶᠢ ᠠᠰᠢᠭᠯᠠᠨ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠳᠤ᠂ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠬᠠᠮᠠᠭᠠᠯᠠᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠡᠭᠦᠷᠭᠡ ᠶᠢ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ ᠭᠤᠷᠪᠠ ᠳᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠪᠠᠶᠢᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠳᠥᠭᠦᠮ ᠳᠥᠲᠡ ᠦᠢᠯᠡᠴᠢᠯᠡᠭᠡ ᠬᠠᠩᠭᠠᠵᠤ᠂ ᠬᠡᠷᠡᠭᠯᠡᠭᠴᠢ ᠶᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃     ᠠᠰᠠᠭᠤᠯᠲᠠ᠄ ︽ᠲᠣᠭᠲᠠᠭᠠᠯ︾ ᠳᠤ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠳᠤᠮᠳᠠ ᠶᠠᠮᠠᠷ ᠶᠠᠮᠠᠷ ᠵᠠᠷᠴᠢᠮ ᠢ ᠪᠠᠷᠢᠮᠲᠠᠯᠠᠬᠤ ᠶᠢ ᠰᠠᠨᠠᠭᠠᠴᠢᠯᠠᠭᠰᠠᠨ ᠪᠣᠶ︖    ᠬᠠᠷᠢᠭᠤᠯᠲᠠ᠄ ︽ᠲᠣᠭᠲᠠᠭᠠᠯ︾ ᠢ ᠲᠣᠭᠲᠠᠭᠠᠬᠤ ᠶᠠᠪᠤᠴᠠ ᠳᠤ᠂ ᠠᠮᠤᠷ ᠲᠦᠪᠰᠢᠨ ᠪᠠ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠠᠴᠠ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ︽ᠲᠡᠷᠭᠡᠨ ᠳᠣᠲᠣᠷ᠎ᠠ ᠰᠢᠢᠳᠪᠦᠷᠢᠯᠡᠬᠦ︾᠂ ︽ᠮᠡᠳᠡᠷᠡᠬᠦ ᠠᠴᠠ ᠪᠢᠰᠢ ᠴᠤᠭᠯᠠᠭᠤᠯᠬᠤ ᠥᠬᠡᠶ︾᠂ ︽ᠨᠠᠷᠢᠯᠢᠭᠴᠠ ᠶᠢᠨ ᠬᠡᠪᠴᠢᠶ᠎ᠡ ᠶᠢᠨ ᠬᠡᠷᠡᠭᠯᠡᠯᠳᠡ︾᠂ ︽ᠬᠠᠷᠰᠢᠯ ᠲᠠᠶᠢᠯᠵᠤ ᠰᠢᠢᠳᠪᠦᠷᠢᠯᠡᠬᠦ︾ ᠵᠡᠷᠭᠡ ᠵᠠᠷᠴᠢᠮ ᠢ ᠪᠠᠷᠢᠮᠲᠠᠯᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠡᠮᠬᠢ ᠵᠢᠷᠤᠮ ᠥᠬᠡᠶ ᠴᠤᠭᠯᠠᠭᠤᠯᠬᠤ ᠪᠠ ᠲᠣᠭᠲᠠᠭᠠᠯ ᠠᠴᠠ ᠵᠥᠷᠢᠴᠡᠨ ᠳᠤᠷ᠎ᠠ ᠪᠠᠷ ᠬᠡᠷᠡᠭᠯᠡᠬᠦ ᠶᠢ ᠪᠠᠭᠠᠰᠬᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠬᠠᠤᠯᠢ ᠶᠣᠰᠣᠭᠠᠷ ᠵᠦᠶ ᠵᠣᠬᠢᠰᠲᠠᠶ ᠪᠦᠲᠦᠮᠵᠢᠲᠡᠶ ᠠᠰᠢᠭᠯᠠᠬᠤ ᠶᠢ ᠵᠣᠷᠢᠭᠵᠢᠭᠤᠯᠵᠤ᠂ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃       ᠠᠰᠠᠭᠤᠯᠲᠠ᠄ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠷᠢᠭᠤᠴᠠᠯᠭ᠎ᠠ ᠶᠢ ᠨᠠᠩ ᠰᠠᠶᠢᠲᠤᠷ ᠭᠦᠢᠴᠡᠳᠭᠡᠬᠦ ᠶᠢᠨ ᠲᠥᠯᠥᠭᠡ᠂ ︽ᠲᠣᠭᠲᠠᠭᠠᠯ︾ ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠣᠶ︖    ᠬᠠᠷᠢᠭᠤᠯᠲᠠ᠄ ︽ᠲᠣᠭᠲᠠᠭᠠᠯ︾ ᠳᠤ ᠬᠤᠪᠢ ᠬᠥᠮᠦᠨ ᠤ ᠮᠡᠳᠡᠭᠡ ᠵᠠᠩᠭᠢ᠂ ᠬᠤᠪᠢ ᠬᠥᠮᠦᠨ ᠤ ᠰᠡᠷᠭᠡᠭ ᠮᠡᠳᠡᠭᠡ ᠵᠠᠩᠭᠢ ᠶᠢ ᠰᠢᠢᠳᠪᠦᠷᠢᠯᠡᠬᠦ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠬᠤᠪᠢ ᠬᠥᠮᠦᠨ ᠤ ᠮᠡᠳᠡᠭᠡ ᠵᠠᠩᠭᠢ ᠳᠤ ᠴᠢᠭᠯᠡᠭᠦᠯᠦᠨ᠂ ᠨᠢᠭᠡ ᠳᠤ ᠮᠡᠳᠡᠭᠳᠡᠬᠦ ᠡᠭᠦᠷᠭᠡ ᠲᠠᠢ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠤ ᠪᠠᠨ ᠬᠤᠪᠢ ᠬᠥᠮᠦᠨ ᠤ ᠮᠡᠳᠡᠭᠡ ᠵᠠᠩᠭᠢ ᠶᠢᠨ ᠲᠥᠷᠥᠯ ᠵᠦᠢᠯ ᠢ ᠰᠢᠢᠳᠪᠦᠷᠢᠯᠡᠬᠦ᠂ ᠠᠬᠤᠶ ᠪᠠᠶᠢᠳᠠᠯ ᠢ ᠴᠤᠭᠯᠠᠭᠤᠯᠬᠤ᠂ ᠴᠤᠭᠯᠠᠭᠤᠯᠬᠤ ᠠᠷᠭ᠎ᠠ ᠵᠠᠮ ᠢ ᠵᠣᠭᠰᠣᠭᠠᠬᠤ ᠵᠡᠷᠭᠡ ᠬᠤᠯᠪᠣᠭᠳᠠᠯ ᠪᠥᠬᠦᠶ ᠮᠡᠳᠡᠭᠡ ᠵᠠᠩᠭᠢ ᠶᠢ ᠮᠡᠳᠡᠭᠳᠡᠬᠦ ᠬᠡᠷᠡᠭᠲᠡᠶ᠃ ᠬᠤᠶᠠᠷ ᠲᠤ᠂ ᠵᠥᠪᠰᠢᠶᠡᠷᠡᠯ ᠤᠯᠬᠤ ᠡᠭᠦᠷᠭᠡ ᠲᠠᠢ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠤ ᠬᠤᠪᠢ ᠬᠥᠮᠦᠨ ᠤ ᠵᠥᠪᠰᠢᠶᠡᠷᠡᠯ ᠢ ᠤᠯᠬᠤ ᠬᠡᠷᠡᠭᠲᠡᠶ ᠪᠤᠶᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠤᠷᠪᠠ ᠳᠤ ᠨᠡᠷ᠎ᠡ ᠪᠤᠷᠤᠭᠤᠯᠠᠬᠤ ᠱᠠᠭᠠᠷᠳᠠᠯᠭ᠎ᠠ᠂ ᠲᠡᠷᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠴᠡᠭᠡ ᠠᠴᠠ ᠪᠣᠯᠵᠣ᠂ ᠬᠤᠪᠢ ᠬᠥᠮᠦᠨ ᠤ ᠵᠥᠪᠰᠢᠶᠡᠷᠡᠯ ᠢᠶᠠᠷ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ ᠳᠡᠶᠢᠯᠬᠦ ᠥᠬᠡᠶ ᠪᠥᠭᠡᠳ ᠲᠡᠷᠭᠡᠨ ᠠᠴᠠ ᠭᠠᠳᠠᠨ᠎ᠠ ᠬᠠᠩᠭᠠᠭᠰᠠᠨ ᠪᠠᠶᠢᠪᠠᠯ᠂ ᠨᠡᠷ᠎ᠡ ᠪᠤᠷᠤᠭᠤᠯᠠᠵᠤ ᠰᠢᠢᠳᠪᠦᠷᠢᠯᠡᠬᠦ ᠬᠡᠷᠡᠭᠲᠡᠶ᠃ ᠬᠤᠪᠢ ᠬᠥᠮᠦᠨ ᠤ ᠰᠡᠷᠭᠡᠭ ᠮᠡᠳᠡᠭᠡ ᠵᠠᠩᠭᠢ ᠳᠤ ᠴᠢᠭᠯᠡᠭᠦᠯᠦᠨ᠂ ᠮᠡᠳᠡᠭᠳᠡᠬᠦ᠂ ᠬᠤᠪᠢ ᠬᠥᠮᠦᠨ ᠤ ᠲᠤᠰᠠᠭᠠᠷ ᠵᠥᠪᠰᠢᠶᠡᠷᠡᠯ ᠢ ᠤᠯᠬᠤ ᠵᠡᠷᠭᠡ ᠡᠭᠦᠷᠭᠡ ᠶᠢ  ᠭᠦᠢᠴᠡᠳᠭᠡᠭᠰᠡᠨ ᠰᠠᠭᠤᠷᠢᠨ ᠳᠡᠭᠡᠷ᠎ᠡ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠬᠤᠪᠢ ᠬᠥᠮᠦᠨ ᠤ ᠰᠡᠷᠭᠡᠭ ᠮᠡᠳᠡᠭᠡ ᠵᠠᠩᠭᠢ ᠶᠢ ᠰᠢᠢᠳᠪᠦᠷᠢᠯᠡᠬᠦ ᠳᠤ ᠪᠠᠰᠠ ᠰᠢᠢᠳᠪᠦᠷᠢᠯᠡᠬᠦ ᠪᠠᠷ ᠬᠢᠵᠠᠭᠠᠷᠯᠠᠭᠰᠠᠨ ᠵᠣᠷᠢᠯᠭ᠎ᠠ᠂ ᠴᠤᠭᠯᠠᠭᠤᠯᠤᠭᠰᠠᠨ ᠪᠠᠶᠢᠳᠠᠯ ᠢ ᠰᠠᠨᠠᠭᠤᠯᠬᠤ᠂ ᠬᠤᠪᠢ ᠬᠥᠮᠦᠨ ᠤ ᠴᠤᠭᠯᠠᠭᠤᠯᠬᠤ ᠪᠠᠨ ᠵᠣᠭᠰᠣᠭᠠᠬᠤ ᠳᠤ ᠲᠥᠬᠦᠮ ᠦᠵᠡᠭᠦᠯᠬᠦ ᠵᠡᠷᠭᠡ ᠪᠣᠳᠠᠲᠠᠶ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠤᠪᠢ ᠬᠥᠮᠦᠨ ᠤ ᠠᠮᠢᠳᠤ ᠪᠣᠳᠠᠰ ᠤᠨ ᠢᠯᠭᠠᠯᠲᠠ ᠶᠢᠨ ᠣᠨᠴᠠᠯᠢᠭ ᠤᠨ ᠮᠡᠳᠡᠭᠡ ᠵᠠᠩᠭᠢ ᠳᠤ ᠴᠢᠭᠯᠡᠭᠦᠯᠦᠨ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠨᠢ ᠮᠠᠰᠢᠨ ᠲᠡᠷᠭᠡᠨ ᠤ ᠠᠮᠤᠷ ᠲᠦᠪᠰᠢᠨ ᠢ ᠨᠡᠮᠡᠭᠳᠡᠭᠦᠯᠬᠦ ᠵᠣᠷᠢᠯᠭ᠎ᠠ ᠪᠠ ᠭᠦᠢᠴᠡᠳ ᠴᠢᠬᠤᠯᠠ ᠴᠢᠨᠠᠷ ᠢ ᠲᠣᠳᠣᠷᠬᠠᠶᠢᠯᠠᠪᠠᠯ ᠰᠠᠶ᠋ᠢ ᠴᠤᠭᠯᠠᠭᠤᠯᠵᠤ ᠪᠣᠯᠤᠨ᠎ᠠ᠃     ᠠᠰᠠᠭᠤᠯᠲᠠ᠄ ᠴᠢᠬᠤᠯᠠ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ︽ᠲᠣᠭᠲᠠᠭᠠᠯ︾ ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠣᠶ︖     ᠬᠠᠷᠢᠭᠤᠯᠲᠠ᠄ ︽ᠲᠣᠭᠲᠠᠭᠠᠯ︾ ᠳᠤ ᠴᠢᠬᠤᠯᠠ ᠲᠤᠭ᠎ᠠ ᠪᠠᠷᠢᠮᠲᠠ ᠶᠢ ᠰᠢᠢᠳᠪᠦᠷᠢᠯᠡᠬᠦ ᠪᠣᠳᠠᠲᠠᠶ ᠲᠦᠷᠢᠮ ᠢ ᠲᠣᠳᠣᠷᠬᠠᠶᠢᠯᠠᠪᠠ᠃ ᠨᠢᠭᠡ ᠳᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠲᠦᠷᠢᠮ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠴᠢᠬᠤᠯᠠ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠳᠤ ᠪᠠᠨ ᠲᠣᠭᠲᠠᠭᠠᠯ ᠶᠣᠰᠣᠭᠠᠷ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠤᠶᠠᠷ ᠲᠤ ᠬᠢᠯᠢ ᠠᠴᠠ ᠭᠠᠷᠬᠤ ᠠᠮᠤᠷ ᠲᠦᠪᠰᠢᠨ ᠢ ᠦᠨᠡᠯᠡᠨ ᠵᠢᠱᠢᠬᠦ ᠲᠦᠷᠢᠮ᠂ ᠴᠢᠬᠤᠯᠠ ᠲᠤᠭ᠎ᠠ ᠪᠠᠷᠢᠮᠲᠠ ᠶᠢ ᠬᠠᠤᠯᠢ ᠶᠣᠰᠣᠭᠠᠷ ᠬᠢᠯᠢ ᠶᠢᠨ ᠳᠣᠲᠣᠷ᠎ᠠ ᠬᠠᠳᠠᠭᠠᠯᠠᠬᠤ ᠬᠡᠷᠡᠭᠲᠡᠢ᠂ ᠲᠤᠬᠠᠶᠢᠯᠠᠭᠰᠠᠨ ᠠᠵᠢᠯ ᠤᠨ ᠬᠡᠷᠡᠭᠴᠡᠭᠡ ᠠᠴᠠ ᠪᠤᠯᠵᠤ ᠦᠨᠡᠬᠡᠷ ᠬᠢᠯᠢ ᠶᠢᠨ ᠭᠠᠳᠠᠨ᠎ᠠ ᠬᠠᠩᠭᠠᠬᠤ ᠴᠢᠬᠤᠯᠠᠲᠠᠢ ᠪᠠᠶᠢᠪᠠᠯ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠭᠰᠠᠨ ᠠᠮᠤᠷ ᠲᠦᠪᠰᠢᠨ ᠤ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠭᠤᠷᠪᠠ ᠳᠤ᠂ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠵᠦ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠬᠢᠯᠢ ᠠᠴᠠ ᠭᠠᠷᠭᠠᠬᠤ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠵᠦᠢᠯᠡᠰ ᠢ ᠬᠢᠨᠠᠨ ᠰᠢᠯᠭᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢ ᠰᠢᠢᠳᠪᠦᠷᠢᠯᠡᠭᠴᠢ ᠲᠠᠢ ᠬᠠᠮᠵᠢᠯᠴᠠᠬᠤ ᠬᠡᠷᠡᠭᠲᠡᠶ᠃ ᠳᠥᠷᠪᠡ ᠳᠤ ᠣᠨ ᠤ ᠮᠡᠳᠡᠭᠦᠯᠦᠯᠲᠡ ᠶᠢᠨ ᠲᠦᠷᠢᠮ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠰᠢᠢᠳᠪᠦᠷᠢᠯᠡᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠣᠨ ᠤ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠲᠠᠪᠤ ᠳᠤ ᠣᠨ ᠤ ᠨᠥᠬᠦᠪᠥᠷᠢᠯᠡᠨ ᠮᠡᠳᠡᠭᠦᠯᠬᠦ ᠳᠦᠷᠢᠮ᠂ ᠬᠢᠯᠢ ᠶᠢᠨ ᠭᠠᠳᠠᠨ᠎ᠠ ᠴᠢᠬᠤᠯᠠ ᠲᠤᠭ᠎ᠠ ᠪᠠᠷᠢᠮᠲᠠ ᠬᠠᠩᠭᠠᠭᠰᠠᠨ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠰᠢᠢᠳᠪᠦᠷᠢᠯᠡᠭᠴᠢ ᠨᠢ ᠬᠠᠮᠢᠶ᠎ᠠ ᠪᠦᠬᠦᠢ ᠪᠠᠶᠢᠳᠠᠯ ᠢᠶᠠᠨ ᠨᠥᠬᠦᠪᠥᠷᠢᠯᠡᠨ ᠮᠡᠳᠡᠭᠦᠯᠬᠦ ᠬᠡᠷᠡᠭᠲᠡᠶ᠃      ᠠᠰᠠᠭᠤᠯᠲᠠ᠄ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠲᠤᠯᠠᠭ᠎ᠠ ᠶᠢᠨ ᠲᠤᠬᠠᠶ᠂ ︽ᠲᠣᠭᠲᠠᠭᠠᠯ︾ ᠳᠤ ᠪᠠᠰᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠣᠶ︖      ᠬᠠᠷᠢᠭᠤᠯᠲᠠ᠄ ᠳᠡᠭᠡᠷ᠎ᠡ ᠳᠤᠷᠠᠳᠤᠭᠰᠠᠨ ᠮᠡᠳᠡᠭᠦᠯᠦᠯᠲᠡ᠂ ᠦᠨᠡᠯᠡᠨ ᠵᠢᠱᠢᠬᠦ᠂ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠴᠠ ᠭᠠᠳᠠᠨ᠎ᠠ᠂ ︽ᠲᠣᠭᠲᠠᠭᠠᠯ︾ ᠳᠤ ᠪᠠᠰᠠ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠲᠤᠭ᠎ᠠ ᠪᠠᠷᠢᠮᠲᠠ ᠶᠢ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠳᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠦᠨᠡᠯᠡᠨ ᠵᠢᠱᠢᠯᠲᠡ ᠬᠢᠵᠦ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ︔ ᠤᠯᠤᠰ ᠠᠴᠠ ᠣᠶᠤᠨᠴᠢ ︵ᠢᠨᠲ᠋ᠧᠷ ᠰᠦᠯᠵᠢᠶ᠎ᠡ︶ ᠮᠠᠰᠢᠨ ᠲᠡᠷᠭᠡᠨ ᠤ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠣᠶᠤᠨᠴᠢ ︵ᠢᠨᠲ᠋ᠧᠷ ᠰᠦᠯᠵᠢᠶ᠎ᠡ︶ ᠮᠠᠰᠢᠨ ᠲᠡᠷᠭᠡ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠪᠠ ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠴᠢᠯᠡᠭᠡ ᠥᠷᠨᠢᠭᠦᠯᠬᠦ ᠵᠡᠷᠭᠡ ᠶᠢ ᠲᠣᠳᠣᠷᠬᠠᠶᠢᠯᠠᠵᠤ᠂ ᠮᠠᠰᠢᠨ ᠲᠡᠷᠭᠡᠨ ᠤ ᠲᠤᠭ᠎ᠠ ᠪᠠᠷᠢᠮᠲᠠ ᠰᠢᠢᠳᠪᠦᠷᠢᠯᠡᠭᠴᠢ ᠲᠠᠢ ᠬᠠᠮᠵᠢᠯᠴᠠᠨ ᠣᠶᠤᠨᠴᠢ ︵ᠢᠨᠲ᠋ᠧᠷ ᠰᠦᠯᠵᠢᠶ᠎ᠡ︶ ᠮᠠᠰᠢᠨ ᠲᠡᠷᠭᠡᠨ ᠤ ᠰᠦᠯᠵᠢᠶ᠎ᠡ ᠪᠠ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃     ᠠᠰᠠᠭᠤᠯᠲᠠ᠄ ︽ᠲᠣᠭᠲᠠᠭᠠᠯ︾ ᠢ ᠵᠥᠷᠢᠴᠡᠪᠡᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠡᠷᠬᠢᠨ ᠨᠡᠬᠡᠮᠵᠢᠯᠡᠬᠦ ᠪᠣᠶ︖    ᠬᠠᠷᠢᠭᠤᠯᠲᠠ︔ ︽ᠲᠣᠭᠲᠠᠭᠠᠯ︾ ᠳᠤ᠂ ᠮᠠᠰᠢᠨ ᠲᠡᠷᠭᠡᠨ ᠤ ᠲᠤᠭ᠎ᠠ ᠪᠠᠷᠢᠮᠲᠠ ᠶᠢᠨ ᠰᠢᠢᠳᠪᠦᠷᠢᠯᠡᠭᠴᠢ ᠲᠣᠰ ᠲᠣᠭᠲᠠᠭᠠᠯ ᠢ ᠵᠥᠷᠢᠴᠡᠭᠰᠡᠨ ᠪᠠᠶᠢᠪᠠᠯ᠂ ᠮᠤᠵᠢ ᠶᠢᠨ ᠱᠠᠲᠤᠨ ᠠᠴᠠ ᠳᠡᠭᠡᠭᠰᠢᠬᠢ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ