ᠬᠤᠶᠠᠷ ᠰᠤᠮᠤ ᠶᠢᠨ ᠲᠣᠮᠢᠯᠠᠭᠰᠠᠨ ᠰᠠᠯᠪᠤᠷᠢ ᠶᠢᠨ ︽1᠂ 2᠂ 3᠂ 4︾ ᠠᠵᠢᠯᠯᠠᠬᠤ ᠠᠷᠭ᠎ᠠ ᠠᠪᠴᠠᠯ ᠢᠶᠠᠷ ᠠᠷᠭ᠎ᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾  ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2021/10/15
         ᠬᠤᠶᠠᠷ ᠰᠤᠮᠤ ᠶᠢᠨ ᠲᠣᠮᠢᠯᠠᠭᠰᠠᠨ ᠰᠠᠯᠪᠤᠷᠢ ᠶᠢᠨ ︽1᠂ 2᠂ 3᠂ 4︾ ᠠᠵᠢᠯᠯᠠᠬᠤ          ᠠᠷᠭ᠎ᠠ ᠠᠪᠴᠠᠯ ᠢᠶᠠᠷ ᠠᠷᠭ᠎ᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾            ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ            ︽ᠰᠡᠷᠭᠡᠶᠢᠯᠡᠬᠦ ᠶᠢ ᠠᠳᠬᠤᠬᠤ᠂ ᠬᠡᠷᠡᠭ ᠡᠭᠦᠰᠬᠦ ᠶᠢ ᠬᠢᠵᠠᠭᠠᠷᠯᠠᠬᠤ᠂ ᠠᠮᠤᠷ ᠲᠦᠪᠰᠢᠨ ᠢ ᠪᠠᠲᠤᠯᠠᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠦᠨ ᠲᠤᠮᠲᠠᠲᠤ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠶᠠᠷ ᠰᠤᠮᠤ ᠶᠢᠨ ᠲᠣᠮᠢᠯᠠᠭᠰᠠᠨ ᠰᠠᠯᠪᠤᠷᠢ ᠨᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠭᠦᠰᠬᠦ ᠶᠢ ᠴᠢᠩᠭ᠎ᠠ ᠰᠡᠷᠭᠡᠶᠢᠯᠡᠵᠦ᠂ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠪᠣᠳᠠᠲᠠᠢ ᠲᠠᠢ ᠤᠶᠠᠯᠳᠤᠭᠤᠯᠤᠨ ︽1᠂ 2᠂ 3᠂ 4︾ ᠠᠵᠢᠯᠯᠠᠬᠤ ᠠᠷᠭ᠎ᠠ ᠠᠪᠴᠠᠯ ᠢ ᠴᠢᠩᠭ᠎ᠠ ᠬᠡᠷᠡᠭᠵᠢᠭᠦᠯᠪᠡ᠃    
     ︽ᠨᠢᠭᠡ ᠲᠣᠰᠬᠤᠨ ᠳᠤ ᠨᠢᠭᠡ ᠬᠠᠪᠰᠤᠷᠤᠨ ᠲᠤᠰᠠᠯᠠᠬᠤ ᠴᠠᠭᠳᠠᠭ᠎ᠠ︾ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠭᠠᠴᠠᠭᠠᠨ ᠤ ᠰᠦᠯᠵᠢᠶᠡᠴᠢᠨ᠂ ᠲᠣᠰᠬᠤᠨ ᠤ ᠬᠤᠶᠠᠷ ᠵᠥᠪᠯᠡᠯ ᠠᠴᠠ ᠲᠣᠪᠴᠢᠶᠠᠨ ᠤ ᠠᠮᠤᠷ ᠢ ᠬᠠᠮᠠᠭᠠᠯᠠᠬᠤ ᠲᠣᠣᠷ ᠢ ᠪᠦᠷᠢᠯᠳᠦᠭᠦᠯᠵᠦ᠂ ᠴᠠᠭᠳᠠᠭᠠᠨ ᠤ ᠪᠠᠶᠢᠳᠠᠯ ᠢ ᠲᠦᠷᠭᠡᠨ ᠲᠤᠰᠬᠠᠬᠤ ᠲᠣᠭᠲᠠᠴᠠ ᠶᠢ ᠪᠠᠳᠤᠯᠠᠵᠤ᠂ ᠣᠯᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ ᠡᠯ᠎ᠡ ᠵᠦᠢᠯ ᠤᠨ ᠵᠥᠷᠢᠴᠡᠯ ᠮᠥᠷᠭᠦᠯᠳᠦᠭᠡᠨ ᠢ ᠤᠷᠢᠳᠴᠢᠯᠠᠨ ᠡᠬᠢ ᠡᠭᠦᠰᠦᠯ ᠠᠴᠠ ᠨᠢ ᠰᠢᠢᠳᠪᠦᠷᠢᠯᠡᠵᠦ ᠴᠢᠳᠠᠪᠠ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ ᠮᠡᠳᠡᠭᠡᠯᠡᠪᠡ︶  
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ