ᠬᠢᠩᠭᠠᠨ ᠲᠤᠮᠢᠯᠠᠭᠰᠡᠨ ᠰᠠᠯᠪᠤᠷᠢ ᠶᠢᠨ ᠴᠠᠭᠳᠠᠭ᠎ᠠ ᠠᠯᠪᠠᠨ ᠵᠢᠷᠦᠮ ᠤᠨ ᠴᠠᠭᠳᠠᠭᠠᠨ ᠨᠡᠶᠢᠭᠡᠮᠯᠢᠭ ᠤᠨ ᠰᠠᠶᠢᠨ ᠲᠤᠷᠠᠴᠤᠤᠯ ᠲᠠᠢ ᠬᠠᠮᠲᠤᠷᠠᠨ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2021/10/15
         ᠬᠢᠩᠭᠠᠨ ᠲᠤᠮᠢᠯᠠᠭᠰᠡᠨ ᠰᠠᠯᠪᠤᠷᠢ ᠶᠢᠨ ᠴᠠᠭᠳᠠᠭ᠎ᠠ ᠠᠯᠪᠠᠨ ᠵᠢᠷᠦᠮ ᠤᠨ          ᠴᠠᠭᠳᠠᠭᠠᠨ ᠨᠡᠶᠢᠭᠡᠮᠯᠢᠭ ᠤᠨ ᠰᠠᠶᠢᠨ ᠲᠤᠷᠠᠴᠤᠤᠯ ᠲᠠᠢ ᠬᠠᠮᠲᠤᠷᠠᠨ ᠴᠠᠬᠢᠯᠭᠠᠨ          ᠬᠤᠯᠪᠤᠭᠠᠨ ᠤ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠠ                  ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠳᠤ ᠤᠬᠠᠭᠤᠯᠭ᠎ᠠ ᠶᠢᠨ ᠠᠵᠢᠯᠯᠠᠭ᠎ᠠ ᠲᠤᠶᠢᠯ ᠤᠨ ᠴᠢᠬᠤᠯᠠ ᠪᠠᠶᠢᠳᠠᠭ᠂ ᠬᠢᠩᠭᠠᠨ ᠲᠤᠮᠢᠯᠠᠭᠰᠡᠨ ᠰᠠᠯᠪᠤᠷᠢ ᠬᠦᠴᠦᠨ ᠢᠶᠠᠨ ᠲᠦᠪᠯᠡᠷᠡᠭᠦᠯᠵᠦ ᠴᠠᠬᠢᠯᠭᠠᠨ ᠬᠤᠯᠪᠤᠭ᠎ᠠ ᠰᠦᠯᠵᠢᠶᠠᠨ ᠤ ᠮᠡᠬᠡᠯᠡᠯ ᠢ ᠡᠰᠡᠷᠭᠦᠴᠡᠬᠦ ︽ᠬᠠᠮᠤᠭ ᠰᠡᠭᠦᠯᠴᠢ ᠶᠢᠨ ᠨᠢᠭᠡ ᠺᠢᠯᠤᠮᠧᠲᠷ︾ ᠢ ᠰᠢᠯᠤᠭᠤᠤᠠᠬᠠᠨ ᠨᠡᠪᠲᠡᠷᠡᠭᠦᠯᠵᠦ᠂ ᠤᠯᠠᠨ ᠵᠦᠢᠯ ᠤᠨ ᠠᠷᠭ᠎ᠠ ᠠᠪᠴᠠᠯ ᠢ ᠠᠪᠴᠦ ᠰᠤᠷᠲᠠᠯ ᠤᠬᠠᠭᠤᠯᠭ᠎ᠠ ᠶᠢᠨ ᠠᠵᠢᠯ ᠦᠷᠨᠢᠬᠦᠯᠦᠨ᠂ ᠤᠯᠤᠰ ᠤᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ APP ᠢ ᠲᠠᠩᠰᠠᠯᠠᠬᠤ ᠠᠵᠢᠯ ᠢ ᠰᠠᠶᠢᠲᠦᠷ ᠬᠢᠵᠦ ᠪᠠᠶᠢᠨ᠎ᠠ᠃      
     ᠤᠷᠴᠢᠮ ᠤᠨ ᠡᠳᠦᠷ᠂ ᠲᠤᠰ ᠰᠠᠯᠪᠤᠷᠢ ᠶᠢᠨ ᠴᠠᠭᠳᠠᠭ᠎ᠠ ᠨᠠᠷ ᠤᠯᠠᠭᠠᠨᠬᠤᠲᠠ ᠶᠢᠨ ᠠᠯᠪᠠᠨ ᠵᠢᠷᠤᠮ ᠤᠨ ᠴᠠᠭᠳᠠᠭᠠᠨ ᠨᠡᠶᠢᠭᠡᠮᠯᠢᠭ ᠤᠨ ᠨᠢᠭᠡᠳᠦᠭᠡᠷ᠂ ᠳᠦᠷᠪᠡᠳᠦᠭᠡᠷ ᠶᠡᠭᠡ ᠠᠩᠭᠢ ᠶᠢᠨ ᠰᠠᠶᠢᠨ ᠲᠤᠷᠠᠴᠤᠣᠯ ᠲᠠᠢ ᠬᠠᠮᠲᠤᠷᠠᠵᠦ᠂ ︽ᠡᠷᠦᠭᠡ ᠳᠤ ᠭᠦᠨᠵᠡᠭᠡᠶᠢᠷᠡᠨ ᠨᠢᠭᠤᠷᠳᠠᠨ ᠢᠳᠬᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠬᠠᠷᠢᠶ᠎ᠠ ᠲᠤᠭᠤᠷᠢᠭ ᠤᠨ ᠠᠷᠠᠤᠨ ᠤᠯᠠᠨ ᠤ ᠲᠤᠮᠳᠠ ᠬᠦᠷᠴᠦ᠂ ᠤᠨᠴᠠᠭᠠᠶᠢᠯᠠᠨ ᠨᠠᠰᠤᠲᠠᠶᠢᠴᠤᠤᠨ ᠲᠤ ᠤᠯᠤᠰ ᠤᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ APP ᠢ ᠬᠡᠷᠬᠢᠨ ᠤᠭᠰᠠᠷᠠᠵᠦ ᠬᠡᠷᠡᠭᠯᠡᠬᠦ ᠲᠤᠬᠠᠢ ᠨᠠᠷᠢᠨ ᠬᠢᠨᠠᠮᠠᠭᠠᠢ ᠭᠠᠷᠳᠠᠨ ᠵᠢᠭᠠᠭᠰᠡᠨ ᠪᠠᠶᠢᠨ᠎ᠠ᠃      
     ᠬᠢᠩᠭᠠᠨ ᠲᠤᠮᠢᠯᠠᠬᠰᠡᠨ ᠰᠠᠯᠪᠤᠷᠢ ᠶᠢᠨ ᠴᠠᠭᠳᠠᠭ᠎ᠠ ᠨᠠᠷ ᠬᠠᠷᠢᠶ᠎ᠠ ᠲᠤᠭᠤᠷᠢᠭ ᠤᠨ ᠪᠤᠳᠠᠳᠤ ᠪᠠᠶᠢᠳᠠᠯ ᠳᠤ ᠰᠠᠭᠤᠷᠢᠯᠠᠵᠦ᠂ ᠪᠠᠭ᠎ᠠ ᠲᠤᠭᠤᠶᠢᠯᠠᠩ ᠢᠶᠠᠷ ᠨᠢᠭᠡᠴᠢ ᠪᠤᠯᠭᠠᠨ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠠᠪᠦ‍ ᠨᠢᠭᠡ ᠲᠠᠯᠠᠪᠠᠢ ᠵᠢᠴᠢ ᠡᠯ᠎ᠡ ᠶᠡᠭᠡ ᠬᠤᠳᠠᠯᠳᠤᠭᠠᠨ ᠤ ᠲᠠᠯᠠᠪᠠᠢ ᠪᠠᠷ ᠬᠦᠷᠴᠦ ᠰᠤᠷᠲᠠᠯ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠠᠤᠨ᠂ ᠤᠯᠠᠨ ᠲᠦᠮᠡᠨ ᠳᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ APP ᠶᠢ 560 ᠭᠠᠷᠤᠢ ᠤᠭᠰᠠᠷᠠᠨ ᠦᠭᠴᠦ᠂ ᠲᠡᠳᠡᠨᠦᠰ ᠤᠨ ᠮᠡᠬᠡᠯᠡᠯ ᠢ ᠡᠰᠡᠷᠭᠦᠴᠡᠬᠦ ᠤᠬᠠᠮᠰᠡᠷ ᠢ ᠢᠯᠡᠤᠠᠲᠠ ᠳᠡᠭᠡᠭᠰᠢᠯᠡᠭᠦᠯᠦᠨ᠂ ᠡᠯ᠎ᠡ ᠵᠦᠢᠯ ᠤᠨ ᠮᠡᠬᠡᠯᠡᠯ ᠢ ᠡᠰᠡᠷᠭᠦᠴᠡᠬᠦ ᠳᠤ ᠪᠠᠲᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠪᠠ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ   ᠠᠴᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ