︽ᠤᠯᠠᠭᠠᠨ ᠬᠠᠨᠴᠤᠶᠢᠪᠴᠢ︾ ᠶᠢᠨ ᠡᠩᠨᠡᠭᠡ ᠨᠢ ᠬᠠᠷᠢᠶ᠎ᠠ ᠤᠷᠤᠨ ᠤ ᠠᠮᠤᠷ ᠢ ᠬᠠᠮᠠᠭᠠᠯᠠᠬᠤ ᠰᠢᠨ᠎ᠡ ᠦᠵᠡᠮᠵᠢ ᠪᠣᠯᠪᠠ
ᠨᠡᠶᠢᠲᠡᠯᠡᠭᠰᠡᠨ ᠴᠠᠭ᠄
2021/10/15
         ︽ᠤᠯᠠᠭᠠᠨ ᠬᠠᠨᠴᠤᠶᠢᠪᠴᠢ︾ ᠶᠢᠨ ᠡᠩᠨᠡᠭᠡ ᠨᠢ ᠬᠠᠷᠢᠶ᠎ᠠ          ᠤᠷᠤᠨ ᠤ ᠠᠮᠤᠷ ᠢ ᠬᠠᠮᠠᠭᠠᠯᠠᠬᠤ ᠰᠢᠨ᠎ᠡ ᠦᠵᠡᠮᠵᠢ ᠪᠣᠯᠪᠠ                ︽ᠰᠡᠷᠬᠡᠶᠢᠯᠡᠯᠳᠡ ᠶᠢ ᠴᠢᠩᠭᠠᠳᠬᠠᠬᠤ᠂ ᠬᠡᠷᠡᠭ ᠡᠭᠦᠰᠭᠦ ᠶᠢ ᠬᠢᠵᠠᠭᠠᠷᠯᠠᠬᠤ᠂ ᠠᠮᠤᠷ ᠲᠥᠪᠰᠢᠨ ᠢ ᠬᠠᠮᠠᠭᠠᠯᠠᠬᠤ︾ ᠵᠠᠭᠤᠨ ᠡᠳᠥᠷ ᠤᠨ ᠰᠢᠪᠳᠤᠯᠤᠯᠲᠠ ᠶᠢᠨ ᠠᠵᠢᠯᠯᠠᠭ᠎ᠠ ᠶᠢ ᠥᠷᠨᠢᠭᠦᠯᠥᠭᠰᠡᠨ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠨᠢ ᠬᠠᠷᠢᠶ᠎ᠠ ᠤᠷᠤᠨ ᠤ ᠠᠮᠤᠷ ᠢ ᠬᠠᠮᠠᠭᠠᠯᠠᠬᠤ ᠳᠤ ᠰᠠᠭᠤᠷᠢᠯᠠᠵᠤ᠂ ᠭᠥᠮᠥᠨ ᠢᠶᠠᠷ ᠲᠥᠪ ᠪᠤᠯᠭᠠᠬᠤ ᠭᠥᠭᠵᠢᠯᠳᠡ ᠶᠢᠨ ᠥᠵᠡᠯ ᠢ ᠪᠠᠷᠢᠮᠳᠠᠯᠠᠨ ᠠᠷᠠᠳ ᠤᠯᠠᠨ ᠢ ᠳᠠᠶᠢᠴᠢᠯᠠᠨ᠂ ᠠᠷᠠᠳ ᠤᠯᠠᠨ ᠳᠤ  ᠰᠠᠭᠤᠷᠢᠯᠠᠨ᠂ ᠢᠳᠡᠪᠬᠢᠲᠠᠢ ᠪᠠᠷ ︽ᠤᠯᠠᠭᠠᠨ ᠬᠠᠨᠴᠤᠶᠢᠪᠴᠢ︾ ᠶᠢᠨ ᠡᠩᠨᠡᠭᠡ ᠶᠢ ᠪᠠᠶᠢᠭᠤᠯᠤᠨ᠂ ᠥᠨᠳᠥᠰᠥᠨ ᠱᠠᠳᠤᠨ ᠤ ᠨᠡᠶᠢᠬᠡᠮ ᠤᠨ ᠠᠮᠤᠷ ᠲᠥᠪᠰᠢᠨ ᠢ ᠶᠡᠷᠥᠩᠬᠡᠶᠢᠯᠡᠨ ᠵᠠᠰᠠᠵᠤ᠂ ᠴᠠᠭᠳᠠᠭ᠎ᠠ ᠠᠷᠠᠳ ᠬᠤᠯᠪᠤᠭᠠᠯᠠᠭᠰᠠᠨ ᠰᠢᠨ᠎ᠡ ᠥᠨᠳᠥᠰᠥᠨ ᠱᠠᠳᠤᠨ ᠤ ᠨᠡᠶᠢᠬᠡᠮ ᠤᠨ ᠠᠮᠤᠷ ᠲᠥᠪᠰᠢᠨ ᠢ ᠬᠠᠮᠠᠭᠠᠯᠠᠵᠤ᠂ ᠤᠯᠠᠨ ᠲᠥᠮᠡᠨ ᠤ ᠬᠠᠨᠤᠮᠵᠢᠲᠠᠢ ᠪᠠᠶᠢᠬᠤ ᠪᠠᠲᠤ ᠰᠠᠭᠤᠷᠢ ᠶᠢ ᠲᠠᠯᠪᠢᠪᠠ᠃    
     ᠰᠢᠯᠤᠭᠤᠨ ᠭᠥᠪᠡᠬᠡᠲᠦ ᠴᠠᠭᠠᠨ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠥᠨᠡᠨᠪᠠᠲᠦ ᠲᠤᠮᠢᠯᠠᠭᠰᠠᠨ ᠰᠠᠯᠪᠤᠷᠢ ᠨᠢ ︽ᠹᠧᠩ ᠴᠢᠶᠤᠤ ᠶᠢᠨ ᠲᠤᠷᠰᠢᠯᠭ᠎ᠠ︾ ᠢᠶᠠᠷ ᠯᠠᠪᠯᠠᠯᠳᠠ ᠪᠤᠯᠭᠠᠨ ᠪᠥᠯᠥᠭᠯᠡᠨ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠨᠡᠶᠢᠬᠡᠮ ᠲᠤᠭᠤᠷᠢᠭ᠂ ᠪᠠᠶᠢᠭᠤᠯᠭ᠎ᠠ᠂ ᠬᠤᠳᠠᠯᠳᠤᠭᠠᠴᠢᠨ ᠡᠷᠥᠬᠡ ᠵᠡᠷᠬᠡ ᠬᠤᠷᠢᠶ᠎ᠠ ᠲᠤᠭᠤᠷᠢᠭ ᠢ ᠪᠠᠭᠳᠠᠭᠠᠭᠰᠠᠨ ᠥᠪᠡᠷ ᠢ ᠪᠠᠨ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠡᠯ᠎ᠡ ᠠᠵᠢᠯ ᠲᠥᠷᠥᠯ ᠤᠨ ᠭᠥᠮᠥᠨ ᠢ ᠳᠠᠶᠢᠴᠢᠯᠠᠨ ᠠᠮᠤᠷ ᠢ ᠬᠠᠮᠠᠭᠠᠯᠠᠬᠤ ︽ᠤᠯᠠᠭᠠᠨ ᠬᠠᠨᠴᠤᠶᠢᠪᠴᠢ︾ ᠶᠢᠨ ᠡᠩᠨᠡᠬᠡᠨ ᠳᠤ ᠤᠷᠤᠭᠤᠯᠵᠤ᠂ ᠰᠠᠶᠢᠨ ᠲᠤᠷ᠎ᠠ ᠶᠢᠨ ᠥᠢᠯᠡᠴᠢᠯᠡᠬᠡᠨ ᠤ ᠬᠡᠯᠪᠡᠷᠢ ᠪᠠᠷ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠳᠤ ᠬᠠᠮᠵᠢᠵᠤ ᠠᠮᠤᠷ ᠢ ᠬᠠᠮᠠᠭᠠᠯᠠᠨ ᠴᠠᠭᠳᠠᠨ ᠲᠤᠭᠤᠷᠢᠬᠤ᠂ ᠵᠥᠷᠢᠴᠡᠯ ᠮᠠᠷᠭᠤᠯᠳᠤᠭᠠᠨ ᠤ ᠲᠠᠯᠳᠠ ᠬᠡᠮ ᠢ ᠪᠠᠶᠢᠴᠠᠭᠠᠨ ᠴᠡᠭᠴᠡᠯᠡᠬᠦ᠂ ᠠᠮᠤᠷ ᠢ ᠬᠠᠮᠠᠭᠠᠯᠠᠬᠤ ᠤᠬᠠᠭᠤᠯᠭ᠎ᠠ ᠬᠢᠭᠦ ᠵᠡᠷᠬᠡ ᠡᠯ᠎ᠡ ᠲᠥᠷᠥᠯ ᠤᠨ ᠠᠵᠢᠯ ᠢ ᠬᠠᠮᠵᠢᠭᠤᠯᠪᠠ᠃    
     ᠲᠠᠷᠠᠭ᠎ᠠ ᠨᠢᠬᠡ ᠠᠯᠬᠤᠮ ᠳᠤ᠂ ᠰᠢᠯᠤᠭᠤᠨ ᠭᠥᠪᠡᠬᠡᠲᠦ ᠴᠠᠭᠠᠨ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠨᠢ ︽ᠤᠯᠠᠭᠠᠨ ᠬᠠᠨᠴᠤᠶᠢᠪᠴᠢ︾ ᠶᠢᠨ ᠬᠤᠯᠪᠤᠭᠠᠯᠠᠨ ᠠᠮᠤᠷ ᠢ ᠬᠠᠮᠠᠭᠠᠯᠠᠬᠤ ᠡᠩᠨᠡᠬᠡᠨ ᠤ ᠬᠡᠪ ᠵᠠᠭᠪᠤᠷ ᠢ ᠪᠤᠢ ᠪᠤᠯᠭᠠᠨ᠂ ᠦᠨᠡᠨ ᠬᠦ ᠬᠠᠷᠢᠶ᠎ᠠ ᠤᠷᠤᠨ ᠤ ᠨᠡᠶᠢᠬᠡᠮ ᠤᠨ ᠠᠮᠤᠷ ᠲᠥᠪᠰᠢᠨ ᠢ ᠬᠠᠮᠠᠭᠠᠯᠠᠬᠤ ᠵᠤᠷᠢᠯᠭ᠎ᠠ ᠳᠤ ᠭᠥᠷᠴᠦ᠂ ᠨᠡᠩ ᠤᠯᠠᠨ ︽ᠤᠯᠠᠭᠠᠨ ᠬᠠᠨᠴᠤᠶᠢᠪᠴᠢ︾ ᠨᠢ ᠬᠠᠷᠢᠶ᠎ᠠ ᠤᠷᠤᠨ ᠤ ᠠᠮᠤᠷ ᠲᠥᠪᠰᠢᠨ ᠤ ᠪᠠᠶᠢᠭᠤᠯᠤᠯᠳᠠ ᠳᠤ ᠲᠤᠷᠠᠶᠢᠨ ᠬᠠᠷᠠᠭᠳᠠᠬᠤ ᠪᠤᠯᠤᠨ᠎ᠠ᠃ ︵ᠰᠢᠯᠤᠭᠤᠨ ᠭᠥᠪᠡᠬᠡᠲᠦ ᠴᠠᠭᠠᠨ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠬᠡᠰᠢᠭ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ