ᠤᠯᠠᠭᠠᠨᠬᠤᠲᠡ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠬᠠᠨᠳᠤᠯᠭᠠᠲᠦ ᠴᠢᠨᠠᠷ ᠪᠦᠬᠦᠢ ᠪᠤᠯᠪᠠᠰᠤᠷᠠᠯ ᠤᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2021/10/15
         ᠤᠯᠠᠭᠠᠨᠬᠤᠲᠡ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ          ᠤᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠬᠠᠨᠳᠤᠯᠭᠠᠲᠦ          ᠴᠢᠨᠠᠷ ᠪᠦᠬᠦᠢ ᠪᠤᠯᠪᠠᠰᠤᠷᠠᠯ ᠤᠨ ᠠᠵᠢᠯᠯᠠᠭ᠎ᠠ ᠦᠷᠨᠢᠭᠦᠯᠪᠠ                ᠤᠷᠴᠢᠮ ᠤᠨ ᠡᠳᠦᠷ᠂ ᠡᠳᠦᠷ ᠲᠤᠳᠤᠮ ᠤᠨ ᠪᠤᠯᠪᠠᠰᠤᠷᠠᠯ ᠤᠨ ᠦᠷ᠎ᠡ ᠪᠦᠲᠦᠮᠵᠢ ᠪᠠᠨ ᠤᠯᠠᠮ ᠪᠠᠬᠢᠵᠢᠭᠦᠯᠬᠦ᠂ ᠡᠯ᠎ᠡ ᠵᠦᠢᠯ ᠤᠨ ᠠᠮᠦᠷ ᠢ ᠬᠠᠮᠠᠭᠠᠯᠠᠬᠤ ᠡᠭᠦᠷᠭᠡ ᠪᠠᠨ ᠠᠮᠵᠢᠯᠲᠠᠳᠠᠢ ᠪᠡᠶᠡᠯᠡᠭᠦᠯᠬᠦ ᠶᠢᠨ ᠲᠦᠯᠦᠭᠡ᠂ ᠤᠯᠠᠭᠠᠨᠬᠤᠲᠡ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠴᠠᠭᠳᠠᠭ᠎ᠠ ᠨᠠᠷ ᠢᠶᠠᠨ ᠵᠤᠬᠢᠶᠠᠨ ᠪᠠᠶᠢᠭᠤᠯᠵᠦ᠂ ᠬᠠᠷᠢᠶ᠎ᠠ ᠲᠤᠭᠤᠷᠢᠭ ᠤᠨ ᠪᠠᠶᠠᠨ ᠲᠡᠪᠰᠡᠭ ᠲᠠᠬᠢ ᠪᠤᠯᠪᠠᠰᠤᠷᠠᠯ ᠤᠨ ᠭᠠᠵᠠᠷ ᠬᠠᠨᠳᠤᠯᠭᠠᠲᠦ ᠴᠢᠨᠠᠷ ᠪᠦᠬᠦᠢ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃      
     ᠲᠤᠰ ᠤᠳᠠᠭᠠᠨ ᠤ ᠠᠵᠢᠯ ᠢ ᠪᠤᠳᠠᠲᠤ ᠪᠦᠲᠦᠮᠵᠢ ᠤᠯᠬᠤ ᠶᠢ ᠪᠠᠲᠤᠯᠠᠬᠤ ᠶᠢᠨ ᠲᠦᠯᠦᠭᠡ᠂ ᠤᠨᠴᠠ ᠲᠥᠷᠦᠯ ᠤᠨ ᠴᠠᠭᠳᠠᠭᠠᠨ ᠤ ᠠᠵᠢᠯ ᠤᠨ ᠠᠬᠤᠢ ᠪᠠᠶᠢᠳᠠᠯ ᠳᠤ ᠴᠢᠭᠯᠡᠭᠦᠯᠵᠦ᠂ ᠠᠭᠤᠯᠠᠨ ᠭᠠᠵᠠᠷ ᠤᠨ ᠰᠤᠷᠢᠯᠲᠡ᠂ ᠴᠠᠭᠳᠠᠭᠤᠯ ᠨᠤᠬᠠᠢ ᠶᠢ ᠳᠠᠭᠠᠭᠤᠯᠤᠨ ᠪᠠᠶᠢᠯᠳᠤᠬᠤ᠂ ᠠᠭᠤᠯᠠᠨ ᠤᠶᠢᠲᠦ ᠭᠠᠵᠠᠷ ᠤᠨ ᠨᠡᠩᠵᠢᠯᠲᠡ ᠵᠢᠴᠢ ᠪᠠᠶᠢᠯᠳᠤᠬᠤ ᠠᠷᠭ᠎ᠠ ᠶᠢᠨ ᠪᠠᠭ᠎ᠠ ᠲᠤᠭᠤᠶᠢᠯᠠᠩ ᠤᠨ ᠬᠠᠮᠵᠢᠯᠴᠠᠭ᠎ᠠ ᠵᠡᠷᠬᠡ ᠲᠤᠰᠬᠠᠶᠢᠵᠢᠯᠠᠭᠰᠡᠨ ᠪᠤᠯᠪᠠᠰᠤᠷᠠᠯ ᠢ ᠥᠷᠨᠢᠭᠦᠯᠪᠡ᠃ ᠠᠭᠤᠯᠠᠨ ᠤᠢ ᠶᠢᠨ ᠲᠤᠮᠳᠠ ᠤᠨᠴᠠ ᠲᠥᠷᠦᠯ ᠤᠨ ᠴᠠᠭᠳᠠᠭ᠎ᠠ ᠶᠢᠨ ᠲᠦᠷᠭᠡᠨ ᠱᠠᠯᠠᠮᠠᠭᠠᠢ ᠬᠤᠷᠳᠤᠨ ᠪᠤᠯᠪᠠᠰᠤᠷᠠᠩᠭᠤᠢ᠂ ᠠᠯᠬᠤᠮ ᠵᠦᠪ᠂ ᠬᠦᠳᠡᠯᠬᠡᠬᠡᠨ ᠰᠢᠷᠦᠬᠦᠨ᠂ ᠬᠠᠮᠵᠢᠯᠴᠠᠭ᠎ᠠ ᠰᠠᠶᠢᠨ᠂ ᠪᠦᠲᠦᠮᠵᠢ ᠬᠠᠨᠤᠮᠵᠢᠲᠠᠢ ᠪᠠᠶᠢᠵᠦ᠂ ᠤᠯᠠᠭᠠᠨᠬᠤᠲᠡ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠨᠴᠠ ᠲᠥᠷᠦᠯ ᠤᠨ ᠴᠠᠭᠳᠠᠭ᠎ᠠ ᠶᠢᠨ ᠰᠠᠶᠢᠨ ᠳᠦᠷᠢ ᠲᠦᠷᠬᠦ ᠶᠢ ᠢᠳᠡᠪᠬᠢᠲᠠᠢ ᠱᠤᠭᠤᠵᠦ ᠴᠢᠳᠠᠭᠰᠡᠨ ᠪᠠᠶᠢᠨ᠎ᠠ᠃      
     ᠲᠤᠰ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠤᠨ᠂ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠨᠴᠠ ᠲᠥᠷᠦᠯ ᠤᠨ ᠴᠠᠭᠳᠠᠭ᠎ᠠ ᠨᠠᠷ  ᠤᠨ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠶᠠᠯᠠᠲᠤ ᠡᠳᠡᠭᠡᠤᠨ ᠲᠤ ᠴᠠᠭ ᠲᠤᠬᠠᠢ ᠳᠤ ᠨᠢ ᠴᠤᠬᠢᠯᠲᠠ ᠦᠭᠴᠦ᠂ ᠨᠡᠶᠢᠭᠡᠮ ᠤᠨ ᠠᠮᠦᠷ ᠢ ᠬᠠᠮᠠᠭᠠᠯᠠᠬᠤ ᠴᠢᠳᠠᠪᠬᠢ ᠪᠠᠨ ᠢᠯᠡᠤᠠᠲᠡ ᠰᠠᠶᠢᠵᠢᠷᠠᠭᠤᠯᠪᠠ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ