ᠳᠣᠲᠣᠭᠠᠳᠤ ᠶᠢ ᠬᠠᠮᠠᠭᠠᠯᠠᠬᠤ ᠶᠠᠮᠤᠨ ᠪᠠᠶᠢᠩᠭᠤ ᠡᠭᠦᠰᠳᠡᠭ ᠲᠠᠪᠤᠨ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠰᠡᠷᠭᠡᠶᠢᠯᠡᠬᠦ ᠵᠦᠭᠯᠡᠭᠦᠷ ᠢ ᠨᠡᠶᠢᠲᠡᠯᠡᠪᠡ
ᠨᠡᠶᠢᠲᠡᠯᠡᠭᠰᠡᠨ ᠴᠠᠭ᠄
2021/10/19
     ᠳᠣᠲᠣᠭᠠᠳᠤ ᠶᠢ ᠬᠠᠮᠠᠭᠠᠯᠠᠬᠤ ᠶᠠᠮᠤᠨ ᠪᠠᠶᠢᠩᠭᠤ ᠡᠭᠦᠰᠳᠡᠭ ᠲᠠᠪᠤᠨ ᠲᠥᠷᠥᠯ ᠤᠨ ᠴᠠᠬᠢᠯᠭᠠᠨ      ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠰᠡᠷᠭᠡᠶᠢᠯᠡᠬᠦ ᠵᠦᠭᠯᠡᠭᠦᠷ ᠢ ᠨᠡᠶᠢᠲᠡᠯᠡᠪᠡ    ᠳᠣᠲᠣᠭᠠᠳᠤ ᠶᠢ ᠬᠠᠮᠠᠭᠠᠯᠠᠬᠤ ᠶᠠᠮᠤᠨ 7 ᠰᠠᠷ᠎ᠠ ᠶᠢᠨ 28 ᠤ ᠡᠳᠦᠷ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠠᠶᠢᠩᠭᠤ ᠡᠭᠦᠰᠳᠡᠭ ᠲᠠᠪᠤᠨ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠦᠭᠯᠡᠭᠦᠷ ᠢ ᠨᠡᠶᠢᠲᠡᠯᠡᠵᠡᠶ᠃      1. ᠵᠢᠭᠡᠯᠡᠯᠭᠡ ᠶᠢᠨ ᠲᠥᠷᠥᠯ ᠤᠨ ᠮᠡᠬᠡᠯᠡᠯ      ᠮᠡᠬᠡᠯᠡᠭᠴᠢ ᠶᠡᠷᠦᠨᠢ ᠪᠠᠷᠢᠴᠠᠭ᠎ᠠ ᠥᠬᠡᠶ᠂ ᠪᠠᠲᠤᠯᠠᠭ᠎ᠠ ᠥᠬᠡᠶ᠂ ᠬᠦᠤ ᠮᠥᠩᠭᠦ ᠳᠣᠤᠷ᠎ᠠ ᠪᠠᠶᠢᠳᠠᠭ ᠢᠶᠠᠷ ᠤᠷᠠᠨ ᠦᠭᠡ ᠪᠣᠯᠭᠠᠵᠤ᠂ ᠬᠤᠬᠢᠷᠠᠯ ᠠᠮᠰᠠᠭᠴᠢ ᠶᠢ ᠥᠳᠥᠭᠡᠨ ᠬᠠᠭᠤᠷᠮᠠᠭ ᠵᠢᠭᠡᠯᠡᠯᠭᠡ ᠶᠢᠨ ᠰᠦᠯᠵᠢᠶᠡᠨ ᠥᠷᠲᠡᠭᠡ ᠪᠤᠶᠤ APP ᠳᠤ ᠣᠷᠣᠭᠤᠯᠬᠤ ᠪᠤᠶᠤ ᠪᠠᠭᠤᠯᠭᠠᠵᠤ᠂ ᠳᠠᠷᠠᠭ᠎ᠠ ᠨᠢ ᠵᠢᠩᠬᠢᠨᠢ ᠵᠢᠭᠡᠯᠡᠯᠭᠡ ᠶᠢᠨ ᠲᠠᠪᠴᠠᠩ ᠤᠨ ᠶᠠᠪᠤᠴᠠ ᠶᠢ ᠳᠠᠭᠤᠷᠢᠶᠠᠨ᠂ ᠬᠤᠬᠢᠷᠠᠯ ᠠᠮᠰᠠᠭᠴᠢ ᠪᠠᠷ ᠬᠤᠯᠪᠣᠭᠳᠠᠯ ᠪᠥᠬᠦᠶ ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠭᠤᠯᠬᠤ ᠪᠠᠷ ᠱᠠᠭᠠᠷᠳᠠᠵᠤ᠂ ᠬᠠᠮᠤᠭ ᠰᠡᠭᠦᠯ ᠳᠤ ᠭᠠᠷ ᠭᠦᠢᠴᠡᠳᠬᠡᠯ ᠤᠨ ᠰᠦᠢᠳᠬᠡᠯ᠂ ᠪᠠᠲᠤᠯᠠᠭ᠎ᠠ ᠶᠢᠨ ᠮᠥᠩᠭᠦ ᠲᠤᠰᠢᠶᠠᠯᠭᠠᠬᠤ ᠪᠠᠷ ᠰᠢᠯᠲᠠᠭ ᠪᠣᠯᠭᠠᠵᠤ᠂ ᠬᠤᠬᠢᠷᠠᠯ ᠠᠮᠰᠠᠭᠴᠢ ᠶᠢᠨ ᠲᠠᠩᠰᠠ ᠰᠢᠯᠵᠢᠭᠦᠯᠵᠦ ᠭᠤᠪᠢᠭᠤᠯᠤᠭᠰᠠᠨ ᠵᠣᠭᠤᠰ ᠢ ᠮᠡᠬᠡᠯᠡᠨ ᠠᠪᠲᠠᠭ᠃      ᠮᠡᠬᠡᠯᠡᠭᠳᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠵᠢᠭᠡᠯᠡᠯᠭᠡ ᠲᠠᠯᠪᠢᠬᠤ ᠳᠤ ᠤᠷᠢᠳ ᠢᠶᠠᠷ ᠵᠣᠭᠤᠰ ᠲᠤᠰᠢᠶᠠᠬᠤ ᠴᠢᠬᠤᠯᠠᠲᠠᠶ ᠪᠣᠯ ᠪᠢᠲᠡᠭᠡᠶ ᠢᠲᠡᠭᠡᠭᠡᠷᠡᠶ᠃      2. ᠲᠤᠰᠢᠶᠠᠯ ᠬᠠᠪᠰᠤᠷᠭᠠᠵᠤ ᠳᠠᠩᠰᠠ ᠬᠢᠯᠭᠡᠬᠦ ᠲᠦᠷᠦᠯ ᠤᠨ ᠮᠡᠬᠡᠯᠡᠯ      ᠮᠡᠬᠡᠯᠡᠭᠴᠢ ᠡᠯ᠎ᠡ ᠵᠦᠢᠯ ᠤᠨ QQ ᠤᠨ ᠴᠤᠭᠯᠠᠭᠠᠨ᠂ ᠸᠢᠴᠠᠲ ᠤᠨ ᠴᠤᠭᠯᠠᠭᠠᠨ᠂ ᠠᠵᠢᠯᠲᠠᠨ ᠡᠯᠰᠡᠬᠦ ᠰᠦᠯᠵᠢᠶ᠎ᠡ ᠪᠤᠶᠤ ᠣᠬᠤᠷ ᠮᠡᠳᠡᠭᠡ ᠵᠠᠩᠭᠢ ᠳᠤ ᠲᠤᠰᠢᠶᠠᠯ ᠬᠠᠪᠰᠤᠷᠭᠠᠭᠰᠠᠨ ᠮᠡᠳᠡᠭᠡ ᠵᠠᠩᠭᠢ ᠨᠡᠶᠢᠲᠡᠯᠡᠵᠦ᠂ ᠰᠦᠯᠵᠢᠶᠡᠨ ᠳᠡᠭᠡᠷ᠎ᠡ ᠲᠤᠰᠢᠶᠠᠯ ᠬᠠᠪᠰᠤᠷᠭᠠᠨ ᠳᠠᠩᠰᠠ ᠬᠢᠯᠭᠡᠬᠦ ᠭᠡᠵᠦ᠂ ᠶᠡᠭᠡ ᠬᠡᠮᠵᠢᠶᠡᠨ ᠤ ᠬᠥᠯᠥᠰᠥᠨ ᠮᠥᠩᠭᠦ ᠪᠠᠷ ᠥᠭᠶᠥᠭᠡ ᠪᠣᠯᠭᠠᠨ ᠲᠤᠬᠠᠶ ᠶᠢᠨ ᠬᠥᠮᠦᠨ ᠢ ᠤᠷᠠᠬᠠᠨ ᠳᠤ ᠲᠠᠲᠠᠵᠤ᠂ ᠬᠡᠷᠡᠭ ᠤᠨ ᠲᠤᠬᠠᠢ ᠶᠢᠨ ᠬᠥᠮᠥᠨ ᠢ ᠳᠠᠩᠰᠠ ᠬᠢᠯᠭᠡᠬᠦ ᠪᠠᠷ ᠱᠠᠭᠠᠷᠳᠠᠨ᠎ᠠ᠃ ᠨᠢᠭᠡᠳᠦᠭᠡᠷ ᠤᠳᠠᠭ᠎ᠠ ᠶᠢᠨ ᠪᠠᠭ᠎ᠠ ᠬᠡᠮᠵᠢᠶᠡᠨ ᠤ ᠠᠰᠢᠭ ᠪᠤᠴᠠᠭᠠᠬᠤ ᠬᠥᠯᠥᠰᠥᠨ ᠮᠥᠩᠭᠦ ᠶᠢ ᠥᠭᠲᠡᠭ᠂ ᠲᠤᠬᠠᠶ ᠶᠢᠨ ᠬᠥᠮᠦᠨ ᠤ ᠳᠠᠩᠰᠠ ᠬᠢᠭᠰᠡᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠣᠯᠬᠤ ᠦᠶ᠎ᠡ ᠳᠤ᠂ ᠰᠢᠰᠲ᠋ᠧᠮ ᠤᠨ ᠳᠠᠩᠰᠠ ᠬᠢᠬᠦ ᠶᠢ ᠵᠥᠪᠰᠢᠶᠡᠷᠡᠬᠦ ᠦᠭᠡᠢ᠂ ᠠᠯᠳᠠᠭ᠎ᠠ ᠵᠡᠷᠭᠡ ᠰᠢᠯᠲᠠᠭᠠᠨ ᠢᠶᠠᠷ ᠡᠭᠡ ᠮᠥᠩᠭᠦ ᠶᠢ ᠪᠤᠴᠠᠭᠠᠵᠤ ᠥᠭᠬᠦ ᠦᠭᠡᠢ ᠪᠠᠶᠢᠵᠤ᠂ ᠮᠡᠬᠡᠯᠡᠬᠦ ᠵᠣᠷᠢᠯᠭ᠎ᠠ ᠳᠠᠭᠠᠨ ᠬᠦᠷᠳᠡᠭ᠃      ᠮᠡᠬᠡᠯᠡᠭᠳᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠲᠤᠰᠢᠶᠠᠯ ᠬᠠᠪᠰᠤᠷᠭᠠᠵᠤ ᠢᠲᠡᠭᠡᠯ ᠬᠦᠨᠳᠦ ᠪᠠᠨ ᠭᠠᠶᠢᠬᠠᠭᠤᠯᠳᠠᠭ ᠪᠦᠬᠦᠨ ᠢ ᠢᠲᠡᠭᠡᠵᠦ ᠪᠣᠯᠬᠤ ᠥᠬᠡᠶ᠃      3. ᠵᠣᠴᠢᠳ ᠤᠨ ᠦᠢᠯᠡᠴᠢᠯᠡᠭᠴᠢ ᠪᠠᠷ ᠣᠪᠯᠠᠵᠤ ᠵᠣᠭᠤᠰ ᠪᠤᠴᠠᠭᠠᠬᠤ ᠮᠡᠬᠡᠯᠡᠯ      ᠮᠡᠬᠡᠯᠡᠭᠴᠢ ᠬᠤᠬᠢᠷᠠᠯ ᠠᠮᠰᠠᠭᠴᠢ ᠲᠠᠢ ᠬᠠᠷᠢᠯᠴᠠᠬᠤ ᠳᠤ ᠪᠠᠨ ᠶᠠᠮᠠᠷ ᠨᠢᠭᠡᠨ ᠪᠠᠷᠠᠭ᠎ᠠ ᠬᠤᠳᠠᠯᠳᠤᠨ ᠠᠪᠬᠤ ᠰᠦᠯᠵᠢᠶ᠎ᠡ᠂ ᠰᠦᠯᠵᠢᠶᠡᠨ ᠤ ᠳᠡᠯᠭᠡᠭᠦᠷ ᠪᠤᠶᠤ ᠲᠦᠷᠭᠡᠨ ᠬᠦᠷᠭᠡᠯᠲᠡ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ ᠦᠢᠯᠡᠴᠢᠯᠡᠭᠴᠢ ᠪᠠᠷ ᠣᠪᠯᠠᠵᠤ᠂ ᠬᠤᠬᠢᠷᠠᠯ ᠠᠮᠰᠠᠭᠴᠢ ᠶᠢᠨ ᠬᠤᠪᠢ ᠬᠥᠮᠦᠨ ᠤ ᠵᠠᠬᠢᠶᠠᠯᠠᠭ᠎ᠠ ᠶᠢᠨ ᠮᠡᠳᠡᠭᠡ ᠵᠠᠩᠭᠢ ᠶᠢ ᠨᠠᠷᠢᠨ ᠮᠡᠳᠡᠭᠦᠯᠦᠭᠰᠡᠨ ᠤ ᠲᠠᠷᠠᠭ᠎ᠠ᠂ ᠬᠤᠣᠷᠯᠠᠭᠳᠠᠭᠴᠢ ᠶᠢᠨ ᠵᠣᠭᠤᠰ ᠢ ᠪᠤᠴᠠᠭᠠᠬᠤ᠂ ᠲᠥᠯᠥᠪᠦᠷᠢ ᠥᠭᠬᠦ᠂ ᠭᠠᠶᠢᠯᠢ ᠶᠢ ᠪᠤᠴᠠᠭᠠᠬᠤ ᠵᠡᠷᠭᠡ ᠪᠠᠷ ᠰᠢᠯᠲᠠᠭ ᠪᠣᠯᠭᠠᠵᠤ᠂ ᠬᠤᠬᠢᠷᠠᠯ ᠠᠮᠰᠠᠭᠴᠢ ᠶᠢ ᠵᠢᠭᠠᠰᠤ ᠭᠥᠬᠢᠳᠡᠬᠦ ᠴᠥᠷᠬᠡᠯᠡᠭᠡ᠂ ᠸᠢᠴᠠᠲ ᠤᠨ ᠤᠯᠠᠨ ᠨᠡᠶᠢᠲᠡ ᠶᠢᠨ ᠲᠠᠪᠴᠠᠩ ᠨᠣᠮᠧᠷ ᠢ ᠲᠣᠪᠴᠢᠳᠠᠬᠤ ᠪᠤᠶᠤ ᠮᠡᠷᠭᠡᠨ ᠴᠣᠬᠤᠷ ᠢ ᠰᠢᠷᠪᠢᠬᠦ ᠵᠡᠷᠭᠡ ᠠᠷᠭ᠎ᠠ ᠪᠠᠷ ᠬᠤᠬᠢᠷᠠᠯ ᠠᠮᠰᠠᠭᠴᠢ ᠶᠢ ᠬᠠᠭᠤᠷᠤᠨ ᠮᠡᠬᠡᠯᠡᠵᠦ ᠪᠠᠶᠢᠭᠠᠳ ᠲᠠᠩᠰᠠ ᠰᠢᠯᠵᠢᠭᠦᠯᠵᠦ ᠵᠣᠭᠤᠰ ᠭᠤᠪᠢᠭᠤᠯᠤᠭᠤᠯᠬᠤ ᠪᠠᠷ ᠱᠠᠭᠠᠷᠳᠠᠨ᠎ᠠ᠃      ᠮᠡᠬᠡᠯᠡᠭᠳᠡᠬᠦ ᠶᠢ ᠰᠡᠷᠭᠡᠶᠢᠯᠡᠬᠦ ᠰᠠᠨᠠᠭᠤᠯᠤᠮᠵᠢ᠄ ᠵᠣᠭᠤᠰ ᠢ ᠪᠤᠴᠠᠭᠠᠬᠤ ᠭᠠᠶᠢᠯᠢ ᠶᠢ ᠪᠤᠴᠠᠭᠠᠬᠤ ᠳᠤ ᠤᠷᠢᠳ ᠢᠶᠠᠷ ᠵᠣᠭᠤᠰ ᠥᠭᠬᠦ ᠴᠢᠬᠤᠯᠠᠲᠠᠶ ᠪᠦᠬᠦᠨ ᠢ ᠢᠲᠡᠭᠡᠵᠦ ᠪᠣᠯᠬᠤ ᠥᠬᠡᠶ᠃      4. ᠬᠤᠳᠠᠯ ᠬᠠᠭᠤᠷᠮᠠᠭ ᠢᠶᠠᠷ ᠪᠠᠷᠠᠭ᠎ᠠ ᠬᠤᠳᠠᠯᠳᠤᠨ ᠠᠪᠬᠤ ᠮᠡᠬᠡᠯᠡᠯ      ᠮᠡᠬᠡᠯᠡᠭᠴᠢ ᠰᠦᠯᠵᠢᠶ᠎ᠡ᠂ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠵᠠᠷ ᠨᠡᠶᠢᠲᠡᠯᠡᠵᠦ᠂ ᠬᠢᠮᠳᠠ ᠦᠨ᠎ᠡ ᠪᠠᠷ ᠲᠠᠸᠠᠷ᠂ ᠦᠢᠯᠡᠴᠢᠯᠡᠭᠡ ᠪᠠᠨ ᠪᠣᠷᠣᠯᠠᠭᠤᠯᠵᠤ᠂ ᠳᠠᠬᠢᠨ ︽ᠭᠠᠷ ᠭᠦᠢᠴᠡᠳᠬᠡᠯ ᠤᠨ ᠰᠦᠢᠳᠬᠡᠯ᠂ ᠵᠠᠬᠢᠶᠠᠯᠠᠭ᠎ᠠ ᠶᠢᠨ ᠮᠥᠩᠭᠦ᠂ ᠤᠷᠢᠳᠴᠢᠯᠠᠨ ᠲᠤᠰᠢᠶᠠᠬᠤ ᠮᠥᠩᠭᠦ︾ ᠵᠡᠷᠭᠡ ᠰᠢᠯᠲᠠᠭ ᠢᠶᠠᠷ ᠬᠤᠬᠢᠷᠠᠯ ᠠᠮᠰᠠᠭᠴᠢ ᠶᠢ ᠤᠷᠢᠳ ᠢᠶᠠᠷ ᠮᠥᠩᠭᠦ ᠳᠥᠯᠥᠭᠦᠯᠬᠦ ᠪᠠᠷ ᠱᠠᠭᠠᠷᠳᠠᠵᠤ᠂ ᠵᠣᠭᠤᠰ ᠢ ᠣᠯᠤᠭᠰᠠᠨ ᠤ ᠳᠠᠷᠠᠭ᠎ᠠ᠂ ᠬᠤᠬᠢᠷᠠᠯ ᠠᠮᠰᠠᠭᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠬᠠᠷ᠎ᠠ ᠳᠠᠩᠰᠠᠯᠠᠬᠤ ᠪᠤᠶᠤ ᠬᠤᠯᠪᠣᠭ᠎ᠠ ᠲᠠᠰᠤᠷᠠᠭᠤᠯᠳᠠᠭ᠃      ᠮᠡᠬᠡᠯᠡᠭᠳᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤ ︽ᠭᠠᠷ ᠭᠦᠢᠴᠡᠳᠬᠡᠯ ᠤᠨ ᠰᠦᠢᠳᠬᠡᠯ᠂ ᠵᠠᠬᠢᠶᠠᠯᠠᠭ᠎ᠠ ᠶᠢᠨ ᠮᠥᠩᠭᠦ᠂ ᠤᠷᠢᠳᠴᠢᠯᠠᠨ  ᠲᠤᠰᠢᠶᠠᠬᠤ ᠮᠥᠩᠭᠦ︾ ᠵᠡᠷᠭᠡ ᠰᠢᠯᠲᠠᠭᠠᠨ ᠢᠶᠠᠷ ᠤᠷᠢᠳᠠᠪᠠᠷ ᠳᠥᠯᠥᠭᠦᠯᠬᠦ ᠪᠠᠷ ᠱᠠᠭᠠᠷᠳᠠᠭᠰᠠᠨ ᠪᠠᠶᠢᠪᠠᠯ ᠢᠲᠡᠭᠡᠵᠦ ᠪᠣᠯᠬᠤ ᠥᠬᠡᠶ᠃      5. ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠰᠢᠭᠦᠬᠦ ᠬᠤᠷᠢᠶ᠎ᠠ ᠪᠠᠷ ᠣᠪᠯᠠᠬᠤ ᠲᠥᠷᠥᠯ ᠤᠨ ᠮᠡᠬᠡᠯᠡᠯ       ᠮᠡᠬᠡᠯᠡᠭᠴᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠰᠠᠯᠠᠭ᠎ᠠ ᠮᠥᠴᠢᠷ ᠤᠨ ᠠᠵᠢᠯᠲᠠᠨ ᠢᠶᠠᠷ ᠣᠪᠯᠠᠵᠤ᠂ ᠬᠤᠬᠢᠷᠠᠯ ᠠᠮᠰᠠᠭᠴᠢ ᠶᠢ ᠵᠣᠭᠤᠰ ᠤᠬᠢᠶᠠᠭᠰᠠᠨ ᠪᠤᠶᠤ ᠪᠤᠰᠤᠳ ᠶᠠᠯ᠎ᠠ ᠬᠢᠭᠰᠡᠨ ᠰᠡᠵᠢᠭᠯᠡᠯᠲᠡᠢ ᠭᠡᠵᠦ ᠬᠡᠯᠡᠭᠡᠳ᠂ ᠬᠤᠬᠢᠷᠠᠯ ᠠᠮᠰᠠᠭᠴᠢ ᠶᠢ ᠳᠠᠩᠰᠠ ᠰᠢᠯᠵᠢᠭᠦᠯᠵᠦ ᠬᠡᠷᠡᠭ ᠢ ᠬᠦᠴᠦᠨ ᠦᠭᠡᠢ ᠪᠣᠯᠭᠠᠬᠤ ᠪᠠᠷ ᠱᠠᠭᠠᠷᠳᠠᠵᠠᠢ᠃  ᠳᠠᠷᠠᠭ᠎ᠠ ᠳᠤ ᠨᠢ ︽ᠠᠮᠤᠷ ᠲᠦᠪᠰᠢᠨ ᠤ ᠳᠠᠩᠰᠠᠨ ᠡᠷᠦᠬᠡ︾ ᠶᠢ ᠬᠠᠩᠭᠠᠵᠤ᠂ ᠬᠤᠬᠢᠷᠠᠯ ᠠᠮᠰᠠᠭᠴᠢ ᠶᠢ ᠵᠣᠭᠤᠰ ᠭᠤᠪᠢᠭᠤᠯᠬᠤ ᠶᠢ ᠱᠠᠭᠠᠷᠳᠠᠵᠤ᠂ ᠡᠭᠦᠨ ᠤ ᠤᠯᠠᠮ ᠠᠴᠠ ᠮᠡᠬᠡᠯᠡᠬᠦ ᠵᠣᠷᠢᠯᠭ᠎ᠠ ᠳᠤ ᠪᠠᠨ ᠬᠥᠷᠥᠨ᠎ᠡ᠃      ᠮᠡᠬᠡᠯᠡᠭᠳᠡᠬᠦ ᠶᠢ ᠰᠡᠷᠭᠡᠶᠢᠯᠡᠬᠦ ᠰᠠᠨᠠᠭᠤᠯᠤᠮᠵᠢ ᠄ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠤᠲᠠᠰᠤ ᠢᠷᠡᠭᠦᠯᠵᠦ ᠲᠠᠩᠰᠠ ᠰᠢᠯᠵᠢᠭᠦᠯᠬᠦ ᠪᠠᠷ ᠱᠠᠭᠠᠷᠳᠠᠭᠰᠠᠨ ᠪᠦᠬᠦᠨ ᠢ ᠢᠲᠡᠭᠡᠵᠦ ᠪᠣᠯᠬᠤ ᠥᠬᠡᠶ᠃      ᠲᠦᠷᠪᠡᠠ ︽ᠤᠢᠭᠡᠢ︾ ᠶᠢ ᠪᠠᠲᠤ ᠴᠡᠭᠡᠵᠢᠯᠡᠬᠦ ᠬᠡᠷᠡᠭᠲᠡᠶ      1. ᠲᠠᠨᠢᠯ ᠪᠤᠰᠤ ᠰᠦᠯᠵᠢᠶᠡᠨ ᠤ ᠬᠠᠶ᠋ᠢᠭ ᠤᠨ ᠴᠥᠷᠬᠡᠯᠡᠭᠡ ᠳᠤ ᠠᠮᠠᠷᠬᠠᠨ ᠣᠷᠣᠵᠤ ᠪᠣᠯᠬᠤ ᠥᠬᠡᠶ᠃      2. ᠥᠯᠥ ᠲᠠᠨᠢᠬᠤ QQ ᠸᠢᠴᠠᠲ ᠢ ᠬᠢᠯᠪᠠᠷᠬᠠᠨ ᠢᠶᠠᠷ ᠨᠡᠮᠡᠵᠦ ᠪᠣᠯᠬᠤ ᠥᠬᠡᠶ᠃      3. ᠲᠠᠨᠢᠯ ᠪᠤᠰᠤ APP ᠶᠢ ᠬᠢᠯᠪᠠᠷᠬᠠᠨ ᠢᠶᠠᠷ ᠪᠠᠭᠤᠯᠭᠠᠵᠤ ᠪᠣᠯᠬᠤ ᠦᠭᠡᠶ᠃      4. ᠲᠠᠨᠢᠯ ᠪᠤᠰᠤ ᠳᠠᠩᠰᠠᠨ ᠡᠷᠦᠬᠡ ᠳᠤ ᠳᠠᠩᠰᠠ ᠰᠢᠯᠵᠢᠭᠦᠯᠬᠦ ᠦᠭᠡᠶ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ