ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠮᠥᠷᠦ᠋ᠢᠴᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2021/10/25
     ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠬᠠᠳᠠ      ᠬᠤᠲᠠ ᠶᠢᠨ ᠳᠣᠯᠣᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠣᠨᠴᠠ      ᠲᠥᠷᠦᠯ ᠤᠨ ᠴᠠᠭᠳᠠᠭ᠎ᠠ ᠶᠢᠨ ᠶᠡᠭᠡ ᠮᠥᠷᠦ᠋ᠢᠴᠡᠭᠡᠨ ᠢ ᠥᠷᠨᠢᠭᠦᠯᠪᠡ      ︽ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠶᠡᠬᠡᠪᠡᠷ ᠪᠣᠯᠪᠠᠰᠤᠷᠠᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ᠂ ᠤᠯᠠᠭᠠᠨᠬᠠᠳᠠ ᠶᠢᠨ ᠳᠣᠲᠣᠭᠠᠳᠤ ᠶᠢ ᠬᠠᠮᠠᠭᠠᠯᠠᠬᠤ ᠰᠦᠷᠳᠡᠭᠦᠯᠦᠯ ᠢ ᠡᠰᠡᠷᠭᠦᠴᠡᠬᠦ ᠣᠨᠴᠠ ᠲᠥᠷᠦᠯ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠴᠢᠨᠠᠭᠰᠢᠲᠠ ᠳᠡᠭᠡᠭᠰᠢᠯᠡᠭᠦᠯᠬᠦ᠂ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ ᠳᠣᠲᠣᠭᠠᠳᠤ ᠶᠢ ᠬᠠᠮᠠᠭᠠᠯᠠᠬᠤ ᠬᠤᠰᠢᠭᠤᠴᠢ ᠬᠦᠴᠦᠨ ᠢ ᠬᠦᠴᠦᠯᠡᠨ ᠪᠣᠶ ᠪᠣᠯᠭᠠᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 27 ᠠᠴᠠ 30 ᠤ ᠡᠳᠦᠷ ᠪᠣᠯᠳᠠᠯ᠎ᠠ᠂ 10 ᠳ᠋ᠤᠭᠠᠷ ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠮᠥᠷᠦ᠋ᠢᠴᠡᠭᠡᠨ ᠢ ᠠᠮᠵᠢᠯᠲᠠᠲᠠᠶ ᠡᠷᠭᠢᠯᠡᠪᠡ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠰᠦᠨ ᠬᠠᠢ ᠲᠤᠤ ᠬᠤᠷᠠᠯ ᠡᠬᠢᠯᠡᠬᠦ ᠶᠠᠷᠢᠶ᠎ᠠ ᠲᠠᠯᠪᠢᠭᠰᠠᠨ ᠪᠥᠭᠡᠳ ᠮᠥᠷᠦ᠋ᠢᠴᠡᠭᠡᠨ ᠤ ᠳᠣᠬᠢᠶ᠎ᠠ ᠲᠠᠯᠪᠢᠬᠤ ᠠᠩᠬᠠᠨ ᠤ ᠫᠤᠤ ᠶᠢ ᠬᠠᠷᠪᠤᠪᠠ᠃ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠬᠢᠴᠢᠶᠡᠯ ᠲᠦᠷᠦᠯ ᠤᠨ ᠴᠠᠭᠳᠠᠭᠠᠨ ᠤ ᠪᠣᠷᠣᠣᠬᠠᠢ ᠪᠠᠮᠪᠠᠢ ᠶᠢᠨ ᠮᠡᠷᠭᠡᠵᠢᠯ᠂ ᠰᠤᠨᠵᠤ ᠠᠪᠴᠢᠬᠤ ᠴᠠᠭᠳᠠᠭᠠᠨ ᠤ ᠪᠣᠷᠣᠣᠬᠠᠢ ᠶᠢᠨ ᠮᠡᠷᠭᠡᠵᠢᠯ᠂ ᠨᠢᠳᠤᠷᠭ᠎ᠠ ᠶᠢᠨ ᠡᠷᠳᠡᠮ᠂ ᠮᠠᠲᠠᠭ᠎ᠠ ᠶᠢᠨ ᠲᠠᠮᠢᠷ᠂ ᠬᠤᠭᠤᠰᠣᠨ ᠢᠶᠠᠷ ᠨᠣᠴᠣᠯᠳᠤᠬᠤ ᠮᠡᠷᠭᠡᠵᠢᠯ᠂ ᠪᠠᠶᠢᠯᠳᠤᠬᠤ ᠠᠷᠭ᠎ᠠ ᠶᠢᠨ ᠭᠠᠷ ᠪᠠᠮᠪᠠᠢ ᠶᠢᠨ ᠲᠠᠮᠢᠷ᠂ ᠬᠦᠴᠦᠷᠬᠡᠭᠯᠡᠯ ᠢ ᠰᠡᠷᠭᠡᠶᠢᠯᠡᠬᠦ ᠫᠤᠤ ᠶᠢᠨ ᠪᠠᠶᠢᠯᠳᠤᠬᠤ ᠠᠷᠭ᠎ᠠ ᠶᠢᠨ ᠫᠤᠤᠳᠠᠯᠭ᠎ᠠ ᠪᠠ  ᠵᠢᠭᠰᠠᠭᠠᠯ  ᠤᠨ  ᠤᠷ᠎ᠠ  ᠮᠡᠷᠭᠡᠰᠢᠯ  ᠢᠶᠠᠷ ᠴᠠᠭᠠᠷᠠᠭᠰᠠᠨ᠂ ᠴᠠᠭᠳᠠᠭᠠᠨ ᠤ ᠲᠦᠷᠢ ᠲᠥᠷᠬᠦ ᠲᠡᠭᠰᠢ᠂ ᠰᠦᠷ ᠵᠢᠪᠬᠤᠭ᠎ᠠ ᠲᠠᠢ ᠪᠠᠶᠢᠬᠤ ᠶᠢ ᠦᠵᠡᠭᠦᠯᠪᠡ᠃ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠲᠦᠮᠡᠨ ᠢ ᠬᠠᠮᠠᠭᠠᠯᠠᠬᠤ᠂ ᠠᠮᠤᠷ ᠠᠮᠤᠭᠤᠯᠠᠩ ᠢ ᠴᠣᠭᠴᠠᠯᠠᠨ ᠪᠠᠶᠢᠭᠤᠯᠬᠤ ᠡᠷᠡᠰ ᠪᠠᠲᠤ ᠬᠠᠳᠠᠨ ᠵᠣᠷᠢᠭ ᠢ ᠢᠯᠡᠷᠡᠭᠦᠯᠪᠡ᠃      200 ᠢᠯᠡᠭᠦᠦ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ᠂ 6 ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠲᠠᠮᠵᠢᠨ᠂ ᠰᠠᠭᠰᠤᠨ ᠪᠥᠮᠪᠦᠭᠡ᠂ ᠲᠠᠪᠤᠨ ᠺᠢᠯᠣᠮᠧᠲᠷ ᠤᠨ ᠵᠡᠪᠰᠡᠭᠲᠦ ᠬᠦᠴᠦᠨ ᠤ ᠬᠡᠭᠡᠷ᠎ᠡ ᠶᠢᠨ ᠠᠶᠠᠯᠠᠯ᠂ 600 ᠮᠧᠲᠷ ᠤᠨ ᠶᠡᠷᠦᠩᠬᠡᠶᠢᠯᠡᠭᠰᠡᠨ ᠰᠠᠭᠠᠳ ᠳᠠᠪᠠᠭ᠋ᠤ᠂ 3000 ᠮᠧᠲᠷ᠂ 92 ᠬᠢᠴᠡᠲᠦ ᠭᠠᠷ ᠫᠤᠤ ᠶᠢᠨ 25 ᠮᠧᠲᠷ ᠤᠨ ᠨᠠᠷᠢᠯᠢᠭ ᠬᠠᠷᠪᠤᠯᠲᠠ᠂ 92 ᠬᠢᠴᠡᠲᠦ ᠭᠠᠷ ᠫᠤᠤ ᠶᠢᠨ ᠲᠦᠷᠭᠡᠨ ᠬᠠᠷᠪᠤᠯᠲᠠ᠂ 92 ᠬᠢᠴᠡᠲᠦ ᠭᠠᠷ ᠫᠤᠤ ᠶᠢᠨ ᠪᠠᠷᠢᠴᠠᠭᠠᠨ ᠤ ᠬᠥᠮᠦᠨ ᠢ ᠠᠪᠤᠷᠠᠬᠤ ᠬᠠᠷᠪᠤᠯᠲᠠ᠂ 92 ᠬᠢᠴᠡᠲᠦ ᠭᠠᠷ ᠫᠤᠤ ᠶᠢᠨ ᠦᠵᠡᠭᠳᠡᠯ ᠤᠨ ᠬᠠᠷᠪᠤᠯᠲᠠ᠂ 92 ᠬᠢᠴᠡᠲᠦ ᠭᠠᠷ ᠫᠤᠤ ᠶᠢᠨ ᠰᠠᠭᠠᠳ ᠤᠨ ᠬᠠᠷᠪᠤᠯᠲᠠ᠂ 92 ᠬᠢᠴᠡᠲᠦ ᠭᠠᠷ ᠫᠤᠤ ᠶᠢᠨ ᠪᠤᠤᠬᠢᠶ᠎ᠠ ᠫᠤᠤᠳᠠᠯᠭ᠎ᠠ ᠵᠡᠷᠭᠡ 10 ᠲᠦᠷᠦᠯ ᠤᠨ ᠤᠷᠤᠯᠳᠤᠭᠠᠨ ᠳᠤ ᠡᠷᠡᠯᠬᠡᠭᠯᠡᠨ ᠴᠤᠭ ᠰᠦᠯᠳᠡ ᠪᠠᠨ ᠭᠠᠶᠢᠬᠠᠭᠤᠯᠵᠤ᠂ ᠴᠠᠭᠠᠷᠠᠭᠰᠠᠨ ᠴᠢᠳᠠᠪᠤᠷᠢ ᠪᠠᠨ ᠢᠯᠡᠷᠡᠭᠦᠯᠪᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ