ᠬᠦᠪᠡᠭᠡᠳᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠰᠤᠷᠭᠠᠭᠤᠯᠢ ᠳᠤ ᠭᠦᠨᠵᠡᠭᠡᠶᠢᠷᠡᠨ ᠴᠠᠭᠳᠠᠭᠠᠨ ᠤ ᠦᠯᠢᠭᠡᠷ ᠶᠠᠷᠢᠬᠤ ᠪᠠᠷ ᠳᠠᠮᠵᠢᠭᠤᠯᠤᠨ ᠪᠠᠭᠠᠳᠤᠷ ᠵᠢᠱᠢᠶᠡᠴᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/26
         ᠬᠦᠪᠡᠭᠡᠳᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ          ᠰᠤᠷᠭᠠᠭᠤᠯᠢ ᠳᠤ ᠭᠦᠨᠵᠡᠭᠡᠶᠢᠷᠡᠨ ᠴᠠᠭᠳᠠᠭᠠᠨ ᠤ ᠦᠯᠢᠭᠡᠷ ᠶᠠᠷᠢᠬᠤ ᠪᠠᠷ ᠳᠠᠮᠵᠢᠭᠤᠯᠤᠨ          ᠪᠠᠭᠠᠳᠤᠷ ᠵᠢᠱᠢᠶᠡᠴᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠠᠵᠢᠯᠯᠠᠭ᠎ᠠ ᠥᠷᠨᠢᠭᠦᠯᠪᠡ                  10 ᠳ᠋ᠤᠭᠠᠷ ᠰᠠᠷ᠎ᠠ ᠶᠢᠨ11 ᠤ ᠡᠳᠦᠷ᠂ ᠤᠯᠤᠰ ᠲᠦᠷᠦ ᠬᠠᠤᠯᠢ ᠴᠠᠭᠠᠵᠠ ᠶᠢᠨ ᠪᠠᠭᠠᠳᠤᠷ ᠵᠢᠱᠢᠶᠡᠴᠢ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ᠂ ᠪᠠᠭᠠᠳᠤᠷ ᠵᠢᠱᠢᠶᠡᠴᠢ ᠶᠢᠨ ᠵᠤᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ᠂ ᠪᠠᠭᠠᠳᠤᠷ ᠵᠢᠱᠢᠶᠡᠴᠢ ᠶᠢᠨ ᠦᠢᠯᠡ ᠶᠠᠪᠤᠳᠠᠯ ᠠᠴᠠ  ᠲᠠᠭᠠᠨ ᠰᠣᠷᠤᠯᠴᠠᠬᠤ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠬᠦ ᠶᠢ ᠦᠢᠯᠡᠳᠦᠯᠭᠡᠵᠢᠭᠦᠯᠬᠦ᠂ ᠨᠡᠶᠢᠭᠡᠮ ᠤᠨ ᠡᠯ᠎ᠡ ᠡᠳᠡᠭᠡᠳ ᠤᠨ ᠤᠯᠤᠰ ᠲᠦᠷᠦ ᠬᠠᠤᠯᠢ  ᠴᠠᠭᠠᠵᠠ ᠶᠢ ᠡᠷᠬᠢᠮᠯᠡᠬᠦ ᠶᠢ ᠳᠠᠶᠢᠴᠢᠯᠠᠬᠤ   ᠶᠢᠨ ᠲᠦᠯᠦᠭᠡ᠂ ᠬᠦᠪᠡᠭᠡᠳᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ  ᠲᠤᠪᠴᠢᠶᠠᠨ ᠤ ᠡᠷᠡᠭᠦᠦ  ᠶᠢᠨ ᠳᠠᠩᠨᠠᠯᠳᠠ ᠶᠢᠨ ᠶᠡᠭᠡ ᠠᠩᠭᠢ ᠶᠢᠨ ᠲᠠᠷᠤᠭ᠎ᠠ ᠮᠠ ᠰᠢᠨ ᠯᠥᠩ ᠬᠦᠪᠡᠭᠡᠳᠦ ᠰᠢᠷ᠎ᠠ ᠬᠤᠰᠢᠭᠤᠨ ᠤ  ᠨᠢᠭᠡᠳᠦᠭᠡᠷ ᠲᠤᠮᠳᠠᠳᠤ ᠰᠤᠷᠭᠠᠭᠤᠯᠢ ᠳᠤ ᠬᠦᠷᠴᠦ ᠴᠠᠭᠳᠠᠭᠠᠨ ᠤ ᠦᠯᠢᠭᠡᠷ ᠶᠠᠷᠢᠬᠤ ᠪᠠᠷ ᠳᠠᠮᠵᠢᠭᠤᠯᠤᠨ ᠪᠠᠭᠠᠳᠤᠷ ᠵᠢᠱᠢᠶᠡᠴᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠰᠤᠷᠭᠠᠭᠤᠯᠢ ᠶᠢᠨ ᠪᠠᠭᠰᠢ ᠶᠢᠨ ᠲᠦᠯᠦᠭᠡᠯᠡᠭᠴᠢ ᠶᠢᠨ ᠪᠦᠯᠬᠦᠮ᠂  ᠰᠤᠷᠤᠭᠴᠢᠳ ᠤᠨ ᠲᠦᠯᠦᠭᠡᠯᠡᠭᠴᠢ ᠠᠴᠠ ᠳᠤᠬᠠᠢ ᠶᠢᠨ ᠲᠠᠯᠠᠪᠤᠷ ᠲᠤ ᠬᠦᠷᠴᠦ ᠤᠬᠠᠭᠤᠯᠤᠨ  ᠳᠠᠶᠢᠯᠪᠤᠷᠢᠯᠠᠬᠤ ᠶᠢ ᠰᠣᠨᠣᠰᠪᠠ᠃      
     ᠮᠠ ᠰᠢᠨ ᠯᠦᠩ ᠨᠦᠬᠦᠷ ᠪᠤᠷᠤᠭᠵᠢᠭᠤᠨ ᠬᠡᠯᠡ ᠬᠡᠯᠡᠯᠭᠡ᠂ ᠠᠮᠢᠳᠤᠯᠢᠭ ᠵᠢᠱᠢᠶ᠎ᠡ ᠪᠠᠷ ᠢᠶᠠᠨ ᠦᠪᠡᠷ ᠤᠨ ᠴᠠᠭᠳᠠᠭᠠᠨ ᠤ ᠠᠵᠢᠯ ᠬᠢᠭᠰᠡᠨ ᠠᠵᠢᠯ ᠤᠨ ᠲᠤᠷᠰᠢᠯᠭ᠎ᠠ ᠶᠢᠨ ᠢᠶᠠᠨ ᠲᠤᠭᠤᠷᠢᠨ ᠳᠤ᠂  ᠪᠠᠭᠰᠢ ᠰᠤᠷᠤᠭᠴᠢᠳ ᠲᠤ ᠴᠠᠭᠳᠠᠭᠠᠨ ᠤ ᠠᠵᠢᠯ ᠬᠢᠭᠰᠡᠨ ᠠᠴᠠ ᠨᠠᠭᠠᠰᠢᠬᠢ ᠠᠵᠢᠯ ᠤᠨ ᠦᠩᠭᠡᠷᠡᠭᠡᠯᠳᠠ ᠪᠠᠨ ᠶᠠᠷᠢᠵᠤ᠂  ᠴᠠᠭᠳᠠᠭᠠᠨ ᠤ ᠠᠵᠢᠯ ᠭᠢᠭᠰᠡᠨ 30 ᠵᠢᠯ ᠤᠨ ᠲᠤᠷᠰᠢᠬᠢ᠂ ᠬᠡᠷᠡᠭ ᠢ ᠳᠠᠩᠨᠠᠨ ᠢᠯᠡᠷᠡᠭᠦᠯᠦᠭᠰᠡᠨ᠂ ᠶᠠᠯᠠᠳᠤ ᠬᠡᠷᠡᠭᠳᠡᠨ ᠢ ᠪᠠᠷᠢᠪᠴᠢᠯᠠᠭᠰᠠᠨ ᠵᠢᠴᠢ ᠨᠢᠭᠡᠳᠦᠭᠡᠷ ᠹᠷᠤᠨᠲ ᠲᠤ ᠭᠠᠪᠰᠢᠭᠠᠶᠢᠯᠠᠭᠰᠠᠨ ᠵᠡᠷᠭᠡ ᠦᠢᠯᠡ ᠶᠠᠪᠤᠳᠠᠯ ᠨᠢ ᠳᠤᠬᠠᠢ ᠶᠢᠨ ᠲᠠᠯᠠᠪᠤᠷ ᠲᠤ ᠪᠠᠶᠢᠭᠰᠠᠨ ᠪᠠᠭᠰᠢ ᠰᠣᠷᠤᠭᠴᠢᠳ ᠤᠨ ᠰᠡᠳᠬᠢᠯ ᠢ ᠲᠤᠭᠳᠤᠭᠤᠯᠤᠨ ᠬᠠᠯᠠᠭᠤᠨ ᠠᠯᠠᠭ᠎ᠠ ᠳᠠᠰᠢᠯᠳᠠ ᠶᠢᠨ ᠳᠠᠭᠤᠨ ᠳᠠᠰᠤᠷᠠᠯᠲᠠ ᠦᠭᠡᠢ ᠨᠢᠵᠢᠭᠢᠨᠡᠪᠡ᠃ ᠲᠠᠷᠠᠭ᠎ᠠ ᠳᠤᠨᠢ᠂ ᠮᠡᠬᠡᠯᠡᠯ ᠢ ᠡᠰᠡᠷᠭᠦᠴᠡᠬᠦ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ᠠᠮᠢᠳᠤᠯᠢᠭ ᠮᠦᠷᠳᠡᠭᠡᠨ ᠱᠤᠭ ᠶᠦᠮᠦᠷᠯᠢᠭ ᠢᠶᠠᠷ ᠦᠷᠭᠡᠨ ᠤᠯᠠᠨ  ᠪᠠᠭᠰᠢ ᠰᠤᠷᠤᠭᠴᠢᠳ ᠲᠤ ᠴᠠᠬᠢᠯᠭᠠᠨ ᠬᠤᠯᠪᠤᠭ᠎ᠠ ᠰᠦᠯᠵᠢᠶᠡᠨ ᠤ ᠮᠠᠬᠡᠯᠡᠯ ᠢ ᠬᠡᠷᠬᠢᠨ ᠰᠡᠷᠭᠡᠶᠢᠯᠡᠬᠦ ᠮᠡᠳᠡᠯᠭᠡ ᠶᠢᠨ ᠭᠤᠤᠯ ᠰᠡᠳᠤᠪᠳᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠠᠬᠡᠯᠡᠯ ᠢ ᠰᠡᠷᠭᠡᠶᠢᠯᠡᠬᠦ ᠮᠡᠳᠡᠯᠭᠡ ᠶᠢ  ᠲᠦᠭᠡᠮᠡᠯᠵᠢᠭᠦᠯᠦᠭᠰᠡᠨ ᠪᠦᠭᠡᠳ ᠦᠷᠭᠦᠯᠵᠢ ᠲᠤᠬᠢᠶᠠᠯᠲᠤᠳᠠᠭ ᠴᠠᠬᠢᠯᠭᠠᠨ ᠬᠤᠯᠪᠤᠭ᠎ᠠ ᠰᠦᠯᠵᠢᠶᠡᠨ ᠤ ᠮᠠᠬᠡᠯᠡᠯ ᠵᠢᠴᠢ ᠬᠡᠷᠬᠢᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠤᠭᠰᠠᠨ ᠪᠠᠶᠢᠨ᠎ᠠ᠃ ︵ᠬᠦᠪᠡᠭᠡᠳᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ